ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠦᠶᠡᠷ ᠤᠨ ᠬᠤᠭᠤᠴᠠᠭᠠᠨ ᠤ ︽ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2023/8/15
     7 ᠳ᠋ᠤᠭᠠᠷ ᠰᠠᠷ᠎ᠠ ᠶᠢᠨ 14 ᠤ ᠡᠳᠦᠷ ᠠᠴᠠ ᠨᠠᠭᠠᠰᠢ᠂ ᠮᠠᠨ ᠤ ᠣᠷᠣᠨ ᠳᠤ ᠨᠡᠶᠢᠲᠡ 3 ᠤᠳᠠᠭ᠎ᠠ ᠣᠷᠣᠨ ᠪᠦᠰᠡ ᠶᠢᠨ ᠴᠢᠨᠠᠷᠲᠠᠢ ᠰᠢᠷᠦᠭᠦᠨ ᠪᠣᠷᠣᠭᠠᠨ ᠣᠷᠣᠵᠤ᠂ ᠭᠤᠣᠯᠳᠠᠭᠤ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠵᠡᠷᠭᠡ ᠲᠠᠪᠤᠨ ᠠᠶᠢᠮᠠᠭ ᠬᠤᠲᠠ ᠳᠤ ᠲᠥᠪᠯᠡᠷᠡᠵᠦ᠂  ᠲᠤᠨᠳᠠᠰᠤᠨ ᠤ ᠬᠡᠮᠵᠢᠶ᠎ᠡ ᠪᠠᠷ ᠬᠠᠮᠤᠭ ᠤᠨ ᠶᠡᠭᠡ ᠣᠷᠣᠨ ᠪᠦᠰᠡ ᠨᠢ ᠬᠥᠯᠥᠨ ᠪᠤᠶᠢᠷ ᠬᠤᠲᠠ ᠶᠢᠨ ᠵᠠᠯᠠᠨ ᠠᠶᠢᠯ ᠪᠠᠶᠢᠵᠤ᠂  ᠲᠤᠨᠳᠠᠰᠤ ᠨᠢ ᠨᠡᠶᠢᠲᠡ 239.2 ᠮᠢᠯᠢᠮᠧᠲᠷ ᠲᠤ ᠬᠦᠷᠴᠡᠢ᠃ ᠦᠶᠡᠷ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠠᠮᠤᠷ ᠲᠦᠪᠰᠢᠨ᠂ ᠳᠥᠭᠦᠮ ᠳᠥᠲᠡ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠰᠢᠨᠵᠢᠯᠡᠬᠦ ᠤᠬᠠᠭᠠᠨᠴᠢ ᠪᠠᠷ ᠰᠤᠳᠤᠯᠤᠨ    ᠮᠠᠭᠠᠳᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠣᠷᠣᠭᠠᠨ ᠢᠶᠠᠷ ᠵᠠᠷᠯᠢᠭ ᠪᠣᠯᠭᠠᠬᠤ᠂ ᠦᠶᠡᠷ ᠤᠨ ᠴᠢᠮᠡᠭᠡ ᠶᠢ ᠰᠣᠨᠤᠰᠤᠮᠠᠭᠴᠠ ᠬᠦᠲᠡᠯᠦᠯᠴᠡᠬᠦ ᠶᠢ ᠪᠠᠷᠢᠮᠲᠠᠯᠠᠨ᠂ ᠦᠶᠡᠷ ᠤᠨ ᠬᠤᠭᠤᠴᠠᠭᠠᠨ ᠤ ︽ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠪᠠ᠃            ᠤᠷᠢᠳᠴᠢᠯᠠᠨ ᠪᠠᠶᠢᠷᠢᠯᠠᠭᠤᠯᠪᠠ      ᠲᠣᠰ ᠲᠥᠪ ᠨᠢ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠪᠠ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠠᠭᠤᠷ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠠᠭ ᠠᠭᠤᠷ᠂ ᠭᠠᠵᠠᠷ ᠤᠨ ᠭᠠᠢ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ 75 ᠮᠡᠳᠡᠭᠡ ᠵᠠᠩᠭᠢ ᠶᠢ ᠴᠠᠭ          ᠲᠤᠬᠠᠢ ᠳᠤ ᠨᠢ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠭᠠᠵᠤ ᠵᠠᠪᠳᠤᠨ ᠨᠡᠪᠲᠡᠷᠡᠭᠦᠯᠬᠦ ᠠᠵᠢᠯᠲᠠᠨ᠂ ᠡᠳ᠋ ᠪᠣᠳᠠᠰ᠂ ᠮᠠᠰᠢᠨ ᠵᠢᠴᠢ ᠲᠥᠬᠦᠭᠡᠷᠦᠮᠵᠢ ᠶᠢᠨ ᠪᠡᠯᠡᠳᠬᠡᠯ ᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠬᠤ ᠡᠷᠴᠢᠮ ᠢᠶᠠᠨ       ᠴᠢᠩᠭᠠᠷᠠᠭᠤᠯᠤᠨ᠂ ᠰᠡᠷᠭᠡᠶᠢᠯᠡᠯᠲᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃      ᠵᠠᠰᠠᠮᠠᠯ ᠵᠠᠮ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠪᠠ      ᠡᠯ᠎ᠡ ᠵᠠᠰᠠᠮᠠᠯ ᠵᠠᠮ ᠤᠨ ᠬᠠᠮᠢᠶᠠᠷᠤᠨ ᠠᠷᠠᠴᠢᠯᠠᠬᠤ ᠨᠢᠭᠡᠴᠢ ᠶᠢ ᠪᠥᠬᠦ ᠲᠠᠯ᠎ᠠ ᠪᠠᠷ ᠪᠠᠶᠢᠷᠢᠯᠠᠭᠤᠯᠵᠤ᠂         ︽ᠭᠤᠷᠪᠠᠨ ᠪᠣᠷᠣᠭᠠᠨ ᠳᠤ ᠵᠠᠮ ᠳᠤ ᠭᠠᠷᠭᠠᠬᠤ︾ ᠲᠣᠭᠤᠷᠢᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠮᠠᠯ ᠵᠠᠮ ᠤᠨ ᠥᠨᠳᠥᠷ ᠬᠦᠪᠡᠭᠡᠨ ᠨᠠᠯᠠᠤ᠂ ᠥᠨᠳᠥᠷ ᠴᠢᠭᠵᠢᠶᠡᠰᠦᠳᠦ ᠵᠠᠮ ᠤᠨ ᠰᠠᠭᠤᠷᠢ᠂ ᠬᠦᠭᠦᠷᠭᠡᠨ ᠭᠤᠯᠳᠤᠩ ᠤᠨ ᠳᠡᠭᠡᠳᠦ ᠳᠣᠣᠷᠠᠳᠤ ᠤᠷᠤᠰᠬᠠᠯ ᠵᠢᠴᠢ ᠤᠰᠤ ᠲᠠᠲᠠᠷᠠᠭᠤᠯᠬᠤ ᠲᠦᠭᠦᠭᠡᠷᠦᠮᠵᠢ᠂ ᠤᠰᠤ ᠠᠰᠬ᠎ᠠ ᠬᠠᠳᠠ ᠳᠠᠭᠠᠤ ᠵᠡᠷᠭᠡ ᠭᠠᠵᠠᠷ ᠤᠨ ᠭᠠᠢ ᠭᠠᠮᠰᠢᠭ ᠣᠯᠠᠨ ᠭᠠᠷᠳᠠᠭ ᠵᠠᠮ ᠤᠨ ᠬᠡᠰᠡᠭ ᠲᠤ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠢᠯᠡᠷᠡᠭᠦᠯᠦᠭᠰᠡᠨ ᠳᠠᠯᠳᠠ ᠬᠡᠮ ᠪᠠ ᠪᠠᠭᠤᠷᠠᠢ ᠲᠠᠯ᠎ᠠ ᠶᠢ ᠬᠢᠨᠠᠨ ᠡᠵᠡᠮᠳᠡᠬᠦ ᠪᠠᠨ ᠴᠢᠩᠭᠠᠳᠬᠠᠵᠤ᠂ ᠴᠠᠭ ᠲᠤᠬᠠᠢ ᠳᠤ ᠨᠢ ᠴᠡᠭᠴᠡᠯᠡᠨ ᠵᠠᠰᠠᠪᠠ᠃      ᠪᠥᠬᠦ ᠬᠦᠴᠦᠨ ᠢᠶᠠᠷ ᠢᠶᠠᠨ ᠵᠠᠪᠳᠤᠨ ᠨᠠᠪᠲᠠᠷᠡᠭᠦᠯᠵᠦ ᠪᠠᠲᠤᠯᠠᠪᠠ      ᠡᠯ᠎ᠡ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ᠂ ᠮᠠᠰᠢᠨ ᠵᠢᠴᠢ ᠲᠥᠬᠦᠭᠡᠷᠦᠮᠵᠢ ᠶᠢ ᠲᠣᠬᠢᠷᠠᠭᠤᠯᠬᠤ ᠪᠠ ᠵᠠᠪᠳᠤᠨ ᠨᠡᠪᠲᠡᠷᠡᠭᠦᠯᠬᠦ ᠡᠷᠴᠢᠮ ᠢ ᠴᠢᠩᠭᠠᠷᠠᠭᠤᠯᠬᠤ ᠲᠣᠬᠠᠢ ᠪᠠᠶᠢᠷᠢᠯᠠᠭᠤᠯᠵᠤ᠂ ᠵᠠᠰᠠᠮᠠᠯ ᠵᠠᠮ ᠤᠨ ᠨᠡᠪᠲᠡᠷᠡᠬᠦ ᠶᠢ ᠪᠠᠲᠤᠯᠠᠬᠤ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠪᠡ᠃ 8 ᠳ᠋ᠤᠭᠠᠷ ᠰᠠᠷ᠎ᠠ ᠶᠢᠨ 14 ᠤ ᠡᠳᠦᠷ ᠪᠣᠯᠲᠠᠯ᠎ᠠ᠂ ᠪᠥᠬᠦ ᠣᠷᠣᠨ ᠤ ᠵᠠᠰᠠᠮᠠᠯ ᠵᠠᠮ ᠢ ᠵᠠᠪᠳᠤᠨ ᠨᠡᠪᠲᠡᠷᠡᠭᠦᠯᠬᠦ ᠳᠤ ᠨᠡᠶᠢᠲᠡ 1394 ᠬᠥᠮᠥᠨ         ᠤᠳᠠᠭ᠎ᠠ᠂ ᠮᠠᠰᠢᠨ ᠤ ᠰᠠᠤᠷᠢ ᠡᠭᠡᠯᠵᠢ 858 ᠰᠠᠤᠷᠢ ᠤᠳᠠᠭ᠎ᠠ ᠣᠷᠤᠭᠤᠯᠪᠠ᠃ ᠡᠭᠦᠨ ᠳᠤ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠳᠤ 569 ᠬᠥᠮᠥᠨ ᠤᠳᠠᠭ᠎ᠠ᠂ ᠮᠠᠰᠢᠨ ᠤ ᠰᠠᠤᠷᠢ ᠡᠭᠡᠯᠵᠢ 346 ᠰᠠᠤᠷᠢ ᠤᠳᠠᠭ᠎ᠠ ᠣᠷᠤᠭᠤᠯᠪᠠ︔ ᠬᠥᠳᠡᠭᠡ ᠲᠣᠰᠬᠤᠨ ᠤ ᠵᠠᠰᠠᠮᠠᠯ ᠵᠠᠮ ᠳᠤ 825 ᠬᠥᠮᠥᠨ ᠤᠳᠠᠭ᠎ᠠ᠂ ᠮᠠᠰᠢᠨ ᠤ ᠰᠠᠤᠷᠢ ᠡᠭᠡᠯᠵᠢ 512 ᠰᠠᠤᠷᠢ ᠤᠳᠠᠭ᠎ᠠ ᠣᠷᠤᠭᠤᠯᠪᠠ᠃              ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ                ᠬᠥᠭᠵᠢᠯᠲᠡ ᠶᠢᠨ ᠲᠥᠪ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号