8 ᠳ᠋ᠤᠭᠠᠷ ᠰᠠᠷ᠎ᠠ ᠶᠢᠨ 7 ᠤ ᠡᠳᠦᠷ᠂ ᠰᠢᠯᠢ ᠶᠢᠨ ᠭᠤᠤᠯ ᠠᠶᠢᠮᠠᠭ ᠤᠨ ᠳᠣᠯᠣᠨ ᠨᠠᠭᠤᠷ ᠰᠢᠶᠠᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠳᠣᠯᠣᠨ ᠨᠠᠭᠤᠷ ᠤᠨ ᠴᠠᠩ ᠳ᠋ᠠ ᠠᠶᠠᠨᠴᠢᠳ ᠤᠨ ᠲᠡᠭᠡᠭᠡᠪᠦᠷᠢ ᠶᠢᠨ | ᠬᠢᠵᠠᠭᠠᠷᠲᠤ ᠺᠣᠮᠫᠠᠨᠢ ᠶᠢ ᠬᠥᠲᠥᠯᠥᠨ ᠵᠢᠯᠣᠭᠤᠳᠴᠤ ᠪᠠᠶᠢᠭᠠᠳ ᠳᠣᠯᠣᠨ ᠨᠠᠭᠤᠷ ᠰᠢᠶᠠᠨ ᠠᠴᠠ ᠵᠠᠩ ᠵᠢᠶᠠ ᠺᠸᠦ | ᠬᠥᠷᠬᠦ ᠠᠶᠠᠨᠴᠢᠳ ᠤᠨ ᠲᠡᠭᠡᠭᠡᠪᠦᠷᠢ ᠶᠢᠨ ᠲᠣᠭᠲᠠᠭᠠᠭᠰᠠᠨ ᠲᠤᠰᠬᠠᠶ ᠱᠤᠭᠤᠮ ᠢ ᠵᠢᠱᠢᠶ᠎ᠡ ᠦᠵᠡᠭᠦᠯᠦᠨ | ᠨᠡᠪᠲᠡᠷᠡᠭᠦᠯᠵᠦ᠂ ᠰᠢᠯᠢ ᠶᠢᠨ ᠭᠤᠤᠯ ᠠᠶᠢᠮᠠᠭ ᠤᠨ ᠠᠶᠠᠨᠴᠢᠳ ᠤᠨ ᠲᠡᠭᠡᠭᠡᠪᠦᠷᠢ ᠶᠢᠨ ᠲᠣᠭᠲᠠᠭᠠᠭᠰᠠᠨ ᠲᠤᠰᠬᠠᠶ | ᠱᠤᠭᠤᠮ ᠤᠨ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠪᠡ᠃ ᠣᠳᠣᠬᠠᠨ ᠳᠤ᠂ ᠲᠣᠰ ᠲᠤᠰᠬᠠᠶ ᠱᠤᠭᠤᠮ ᠨᠢ | ᠨᠡᠶᠢᠲᠡ 9 ᠰᠠᠭᠤᠳᠠᠯ ᠲᠠᠢ ᠠᠶᠠᠨᠴᠢᠳ ᠤᠨ ᠲᠡᠷᠭᠡ ᠶᠢ 2 ᠲᠣᠬᠢᠷᠠᠭᠤᠯᠵᠤ᠂ ᠲᠡᠷᠭᠡ ᠬᠦᠳᠡᠯᠬᠦ ᠴᠠᠭ ᠨᠢ ᠲᠣᠰ | ᠲᠣᠰ ᠦᠳᠡ ᠶᠢᠨ ᠡᠮᠦᠨᠡᠬᠢ 5᠄ 00 ᠪᠠ 8᠄ 00᠂ ᠪᠥᠬᠦ ᠶᠠᠪᠤᠴᠠ ᠳᠤ ᠪᠠᠷᠤᠭ 2.5 ᠴᠠᠭ ᠠᠶᠠᠯᠠᠨ᠎ᠠ᠃ | ᠡᠭᠦᠨ ᠤ ᠬᠠᠮᠲᠤ᠂ ᠢᠨᠲ᠋ᠧᠷ ᠰᠦᠯᠵᠢᠶᠡᠨ ᠤ ᠲᠠᠪᠴᠠᠩ ᠢ ᠭᠦᠶᠴᠡᠳ ᠠᠰᠢᠭᠯᠠᠵᠤ᠂ ᠶᠠᠪᠤᠵᠤ ᠰᠠᠭᠤᠬᠤ ᠪᠣᠯᠤᠨ | ᠰᠦᠯᠵᠢᠶ᠎ᠡ ᠪᠠᠷ ᠪᠢᠯᠧᠲ ᠬᠤᠳᠠᠯᠳᠤᠬᠤ᠂ ᠳ᠋ᠢᠶᠠᠩᠬᠤᠸᠠ ᠪᠠᠷ ᠪᠣᠯᠵᠣᠬᠤ ᠵᠡᠷᠭᠡ ᠬᠡᠯᠪᠡᠷᠢ ᠶᠢ ᠲᠣᠭᠲᠠᠭᠠᠨ᠂ | ᠠᠶᠠᠨᠴᠢᠳ ᠲᠤ ᠠᠮᠤᠷ ᠲᠦᠪᠰᠢᠨ᠂ ᠳᠥᠭᠦᠮ ᠳᠥᠲᠡ ᠲᠡᠭᠡᠭᠡᠪᠦᠷᠢ ᠶᠢᠨ ᠦᠶᠯᠡᠴᠢᠯᠡᠭᠡ ᠬᠠᠩᠭᠠᠪᠠ᠃ | | | | | ᠠᠶᠠᠨᠴᠢᠳ ᠤᠨ ᠣᠯᠠᠨ ᠶᠠᠩᠵᠤᠴᠢᠯᠠᠭᠰᠠᠨ᠂ ᠵᠦᠷᠢᠶᠡᠴᠢᠯᠡᠭᠰᠡᠨ ᠭᠠᠳᠠᠭᠰᠢ ᠠᠶᠠᠯᠠᠬᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ | ᠠᠰᠢᠭ ᠢ ᠳᠡᠭᠡᠭᠰᠢᠯᠡᠭᠦᠯᠬᠦ ᠶᠢᠨ ᠲᠤᠰᠠᠳᠠ᠂ ᠰᠢᠯᠢ ᠶᠢᠨ ᠭᠤᠤᠯ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠠᠶᠠᠨᠴᠢᠳ ᠤᠨ ᠲᠡᠭᠡᠭᠡᠪᠦᠷᠢ ᠶᠢᠨ ᠲᠣᠭᠲᠠᠭᠠᠭᠰᠠᠨ ᠦᠶᠯᠡᠴᠢᠯᠡᠭᠡ ᠶᠢ ᠬᠦᠴᠦᠯᠡᠨ ᠬᠡᠷᠡᠭᠵᠢᠭᠦᠯᠪᠡ᠃ | ᠰᠢᠯᠢ ᠶᠢᠨ ᠭᠤᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠣᠭᠲᠠᠭᠠᠭᠰᠠᠨ ᠠᠶᠠᠨᠴᠢᠳ ᠤᠨ | ᠲᠡᠭᠡᠭᠡᠪᠦᠷᠢ ᠶᠢᠨ ᠠᠮᠤᠷ ᠲᠦᠪᠰᠢᠨ ᠤ ᠪᠠᠲᠤᠯᠠᠭ᠎ᠠ ᠨᠢ ᠤᠯᠠᠮᠵᠢᠯᠠᠯᠲᠤ ᠲᠡᠭᠡᠭᠡᠪᠦᠷᠢ ᠠᠴᠠ ᠳᠠᠪᠠᠭᠤᠯᠢᠭ ᠪᠠᠶᠢᠬᠤ᠂ | ᠵᠠᠮ ᠤᠨ ᠵᠢᠷᠤᠮᠵᠢᠯ ᠨᠢ ᠡᠩ ᠤᠨ ᠡᠭᠡᠯᠵᠢ ᠶᠢᠨ ᠱᠤᠭᠤᠮ ᠠᠴᠠ ᠥᠨᠳᠥᠷ ᠪᠠᠶᠢᠬᠤ᠂ ᠦᠶᠯᠡᠴᠢᠯᠡᠭᠡᠨ ᠤ ᠶᠠᠰᠤ ᠴᠢᠨᠠᠷ | ᠨᠢ ᠡᠩ ᠤᠨ ᠱᠤᠭᠤᠮ ᠠᠴᠠ ᠴᠢᠩᠭ᠎ᠠ ᠪᠠᠶᠢᠬᠤ ᠳᠠᠪᠠᠭᠤᠯᠢᠭ ᠢ ᠬᠦᠴᠦᠯᠡᠨ ᠪᠠᠳᠠᠷᠠᠭᠤᠯᠵᠤ᠂ ᠪᠥᠬᠦ ᠠᠶᠢᠮᠠᠭ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠲᠠᠬᠢ ᠲᠣᠭᠲᠠᠭᠠᠭᠰᠠᠨ | ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠵᠠᠭᠪᠤᠷ ᠢ ᠪᠥᠬᠦ ᠬᠦᠴᠦᠨ ᠢᠶᠠᠷ ᠠᠬᠢᠭᠤᠯᠤᠨ᠎ᠠ᠃ |