ᠬᠥᠬᠡᠬᠤᠲᠠ ᠶᠢᠨ ᠵᠢᠶᠠᠨ ᠲᠦᠩ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠷᠦᠢ ᠰᠢᠨ ᠪᠠᠷᠢᠯᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/1/28
     ᠬᠥᠬᠡᠬᠤᠲᠠ ᠶᠢᠨ ᠵᠢᠶᠠᠨ ᠲᠦᠩ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ        ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠷᠦᠢ ᠰᠢᠨ ᠪᠠᠷᠢᠯᠭ᠎ᠠ ᠶᠢᠨ ᠲᠥᠷᠥᠯ ᠵᠦᠢᠯ ᠤᠨ       ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ      ᠠᠯᠪᠠᠨ ᠵᠠᠷᠯᠠᠯ                               ᠥᠪᠥᠷ ᠵᠠᠮ ᠲᠠᠷᠬᠠᠭᠠᠭᠰᠠᠨ ﹇2020﹈ 75 ᠳ᠋ᠤᠭᠠᠷ ᠲᠣᠭᠠᠲᠤ ᠨᠡᠶᠢᠭᠡᠮ ᠨᠡᠶᠢᠲᠡ ᠳᠤ ᠄    ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠣᠶᠢᠷ᠎ᠠ ᠶᠢᠨ ᠬᠤᠭᠤᠴᠠᠭᠠᠨ ᠳᠤ ᠮᠠᠨ ᠤ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠡᠳᠦᠭᠡ ᠬᠥᠬᠡᠬᠤᠲᠠ ᠶᠢᠨ ᠵᠢᠶᠠᠨ ᠲᠦᠩ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠷᠦᠢ ᠰᠢᠨ ᠪᠠᠷᠢᠯᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠪᠠ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠪᠡ᠃ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠶᠢ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ︽ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠭᠤᠶᠤᠴᠢᠯᠠᠨ ᠮᠡᠳᠡᠭᠦᠯᠬᠦ ᠮᠡᠳᠡᠭᠡ ᠵᠠᠩᠭᠢ ᠶᠢᠨ ᠠᠯᠪᠠᠨ ᠵᠠᠷᠯᠠᠯ︾ ᠤᠨ ᠬᠡᠰᠡᠭ ᠲᠤ https://glxy.mot.gov.cn/publicity/index.do︶ ᠪᠠᠶᠢᠴᠠᠭᠠᠨ ᠦᠵᠡᠭᠡᠷᠡᠢ᠃ ᠵᠠᠷᠯᠠᠨ ᠨᠡᠶᠢᠲᠡᠯᠡᠬᠦ ᠴᠠᠭ ᠨᠢ 2024 ᠣᠨ ᠤ 1 ᠳ᠋ᠦ᠋ᠭᠡᠷ ᠰᠠᠷ᠎ᠠ ᠶᠢᠨ 25 ᠤ ᠡᠳᠦᠷ ᠠᠴᠠ 2024 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃    ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ ᠪᠢᠴᠢᠭ ᠤᠨ ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠂  ᠬᠤᠭᠤᠴᠠᠭ᠎ᠠ ᠠᠴᠠ ᠦᠩᠭᠡᠷᠡᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠦᠭᠡᠶ ︵ᠰᠢᠦᠳᠠᠨ ᠢᠶᠠᠷ ᠢᠯᠡᠭᠡᠬᠦ ᠮᠠᠲ᠋ᠧᠷᠢᠶᠠᠯ ᠢ ᠰᠢᠦᠳᠠᠨ ᠤ ᠲᠠᠮᠠᠭ᠎ᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶᠃ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢ ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠤ ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ ᠥᠰᠥᠭ ᠵᠢᠷᠤᠬᠤ ᠬᠡᠷᠡᠭᠲᠡᠶ᠃ ᠪᠠᠶᠢᠴᠠᠭᠠᠨ ᠳᠣᠲᠣᠯᠠᠭᠰᠠᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠠᠵᠤ ᠠᠬᠤᠶᠢᠯᠠᠯ ᠢ ᠮᠠᠨ ᠤ ᠲᠢᠩᠬᠢᠮ ᠬᠤᠯᠪᠣᠭᠳᠠᠯ ᠪᠦᠬᠦᠢ ᠲᠣᠭᠲᠠᠭᠠᠯ ᠢᠶᠠᠷ ᠰᠢᠢᠳᠪᠦᠷᠢᠯᠡᠨ᠎ᠡ᠃    ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠬᠡᠷᠪᠡ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠳᠤ ᠣᠨᠳᠣᠤ ᠰᠠᠨᠠᠯ ᠲᠠᠢ ᠪᠠᠶᠢᠪᠠᠯ᠂ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ᠂ ︽ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠵᠥᠪᠰᠢᠶᠡᠷᠡᠯ︾ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠦᠢᠴᠡᠳᠭᠡᠬᠦ ᠬᠡᠰᠡᠭ ᠲᠤ ᠲᠣᠭᠠᠴᠢᠯᠲᠠ ᠶᠢᠨ ᠭᠤᠶᠤᠴᠢᠯᠠᠯ ᠢᠶᠠᠨ ᠲᠤᠰᠢᠶᠠᠵᠤ᠂ ᠬᠤᠭᠤᠴᠠᠭ᠎ᠠ ᠠᠴᠠ ᠦᠩᠭᠡᠷᠡᠭᠰᠡᠨ ᠢ ᠭᠥᠯᠢᠶᠡᠨ ᠠᠪᠴᠤ ᠰᠢᠢᠳᠪᠦᠷᠢᠯᠡᠬᠦ ᠦᠭᠡᠢ᠃    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 0100 20    ᠬᠠᠷᠢᠯᠴᠠᠬᠤ ᠬᠥᠮᠦᠨ᠄ ᠸᠠᠩ ᠹᠠᠩ᠂ ᠬᠠᠷᠢᠯᠴᠠᠬᠤ ᠤᠲᠠᠰᠤ᠄ 0471 - 6969040᠂ ᠢᠮᠧᠯ᠄ nmgjtjsc@126.com᠃     ᠳᠠᠭᠠᠯᠳᠤᠭᠤᠯᠤᠯ᠄ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ .pdf                 ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                             2024 ᠣᠨ ᠤ 1 ᠳ᠋ᠦ᠋ᠭᠡᠷ ᠰᠠᠷ᠎ᠠ ᠶᠢᠨ 25 ᠤ ᠡᠳᠦᠷ   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号