ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠴᠢᠳᠠᠮᠵᠢ ᠶᠢ ᠬᠠᠮᠠᠭᠠᠯᠠᠬᠤ ︵ᠰᠡᠯᠪᠢᠨ ᠵᠠᠰᠠᠬᠤ ︶ ᠵᠢᠱᠢᠶ᠎ᠡ ᠦᠵᠡᠭᠦᠯᠬᠦ ᠥᠷᠲᠡᠭᠡ ᠶᠢ ᠰᠢᠯᠢᠨ ᠰᠤᠩᠭᠤᠭᠰᠠᠨ ᠨᠡᠷᠡᠰ ᠢ ᠢᠯᠡ ᠨᠡᠶᠢᠲᠡᠯᠡᠬᠦ
ᠨᠡᠶᠢᠲᠡᠯᠡᠭᠰᠡᠨ ᠴᠠᠭ᠄
2024/1/9
     ᠠᠮᠢ ᠠᠬᠤᠶ ᠣᠷᠴᠢᠨ ᠲᠣᠭᠤᠷᠢᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ  ︽ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠪᠠ ᠬᠠᠮᠠᠭᠠᠯᠠᠬᠤ ᠲᠦᠷᠢᠮ ᠢ ᠪᠠᠶᠢᠭᠤᠯᠤᠨ ᠬᠡᠷᠡᠭᠵᠢᠭᠦᠯᠬᠦ ᠲᠤᠬᠠᠶ ᠮᠡᠳᠡᠭᠳᠡᠯ︾ ︵ᠣᠷᠴᠢᠨ ᠲᠣᠭᠤᠷᠢᠨ ᠠᠭᠠᠷ ᠮᠠᠨᠳᠠᠯ  ﹇2020﹈ 31 ᠳ᠋ᠦ᠋ᠭᠡᠷ ᠲᠣᠭᠠᠲᠤ︶ ᠪᠠ ︽ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠴᠢᠳᠠᠮᠵᠢ ᠶᠢ ᠬᠠᠮᠠᠭᠠᠯᠠᠬᠤ ︵ᠰᠡᠯᠪᠢᠨ ᠵᠠᠰᠠᠬᠤ︶ ᠮᠡᠷᠭᠡᠵᠢᠯ ᠤᠨ ᠵᠢᠱᠢᠶ᠎ᠡ ᠦᠵᠡᠭᠦᠯᠬᠦ ᠥᠷᠲᠡᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠷᠭ᠎ᠠ︾᠂ ︽ᠮᠠᠰᠢᠨ ᠲᠡᠷᠭᠡᠨ ᠤ ᠭᠠᠳᠠᠭᠰᠢᠯᠠᠭᠤᠯᠤᠯᠲᠠ  ᠶᠢᠨ ᠴᠢᠳᠠᠮᠵᠢ ᠶᠢ ᠬᠠᠮᠠᠭᠠᠯᠠᠬᠤ ( ᠰᠡᠯᠪᠢᠨ ᠵᠠᠰᠠᠬᠤ ) ᠮᠡᠷᠭᠡᠵᠢᠯ ᠤᠨ ᠵᠢᠱᠢᠶ᠎ᠡ ᠦᠵᠡᠭᠦᠯᠬᠦ ᠥᠷᠲᠡᠭᠡ ᠶᠢ ᠪᠠᠶᠢᠭᠤᠯᠬᠤ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵  ᠵᠠᠮ ᠬᠠᠷᠢᠯᠴᠠᠭ᠎ᠠ ᠲᠡᠭᠡᠭᠡᠪᠦᠷᠢ ᠶᠢᠨ ᠠᠯᠪᠠᠨ ᠲᠢᠩᠬᠢᠮ            ﹇2023﹈ 8 ᠳ᠋ᠤᠭᠠᠷ ᠲᠣᠭᠠᠲᠤ︶ ᠤᠨ ᠱᠠᠭᠠᠷᠳᠠᠯᠭ᠎ᠠ ᠪᠠᠷ᠂ ᠮᠠᠨ ᠤ ᠲᠢᠩᠬᠢᠮ ᠪᠥᠬᠦ ᠣᠷᠣᠨ ᠤ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠴᠢᠳᠠᠮᠵᠢ ᠶᠢ ᠬᠠᠮᠠᠭᠠᠯᠠᠬᠤ ︵ᠰᠡᠯᠪᠢᠨ ᠵᠠᠰᠠᠬᠤ ︶ ︵M ᠥᠷᠲᠡᠭᠡ︶ ᠵᠢᠱᠢᠶ᠎ᠡ ᠦᠵᠡᠭᠦᠯᠬᠦ ᠥᠷᠲᠡᠭᠡ ᠶᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠᠷ ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠪᠡ᠂ ᠡᠳᠦᠭᠡ ᠮᠠᠨ ᠤ ᠣᠷᠣᠨ ᠤ M ᠥᠷᠲᠡᠭᠡ ᠶᠢᠨ ᠵᠢᠱᠢᠶ᠎ᠡ ᠦᠵᠡᠭᠦᠯᠬᠦ ᠥᠷᠲᠡᠭᠡ ᠶᠢ ᠰᠢᠯᠢᠨ ᠰᠤᠩᠭᠤᠭᠰᠠᠨ ᠨᠡᠷᠡᠰ ᠢ ᠢᠯᠡ ᠨᠡᠶᠢᠲᠡᠯᠡᠨ᠎ᠡ᠃      ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵2023 ᠣᠨ ᠤ 1 ᠰᠠᠷ᠎ᠠ ᠶᠢᠨ 5 ᠤ ᠡᠳᠦᠷ  ᠠᠴᠠ 1 ᠰᠠᠷ᠎ᠠ ᠶᠢᠨ 11 ᠤ ᠡᠳᠦᠷ ᠪᠣᠯᠲᠠᠯ᠎ᠠ︶ ᠪᠣᠯᠤᠨ᠎ᠠ᠂ ᠡᠨᠡ ᠬᠤᠭᠤᠴᠠᠭᠠᠨ ᠳᠤ ᠬᠡᠷᠪᠡ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠦᠷ᠎ᠡ ᠳ᠋ᠦᠩ ᠳᠤ ᠣᠨᠳᠣᠤ ᠰᠠᠨᠠᠯ ᠲᠠᠢ ᠪᠣᠯ ᠪᠢᠴᠢᠭ ᠢᠶᠠᠷ ᠲᠤᠰᠬᠠᠵᠤ᠂ ᠪᠠᠶᠢᠳᠠᠯ ᠢ ᠲᠤᠰᠬᠠᠬᠤ ᠳᠤ ᠡᠷᠬᠡᠪᠰᠢ ᠦᠨᠡᠨ ᠨᠡᠷ᠎ᠡ ᠪᠠ ᠬᠠᠷᠢᠯᠴᠠᠬᠤ ᠤᠲᠠᠰᠤ ᠪᠠᠨ ᠦᠯᠡᠳᠡᠭᠡᠵᠦ᠂ ᠪᠤᠳᠠᠲᠠᠢ ᠬᠡᠷᠡᠭ ᠶᠠᠪᠤᠳᠠᠯ ᠪᠠᠶᠢᠬᠤ ᠬᠡᠷᠡᠭᠲᠡᠶ᠃      ᠨᠡᠶᠢᠭᠡᠮ ᠤᠨ ᠡᠯ᠎ᠡ ᠡᠲᠡᠭᠡᠳ ᠤᠨ ᠬᠢᠨ ᠬᠢᠨᠠᠯᠲᠠ ᠲᠠᠯᠪᠢᠬᠤ ᠪᠣᠯᠪᠠᠤ᠃       ᠢᠮᠧᠯ᠄ nmgysfwc@126.com      ᠰᠢᠦᠳᠠᠨ ᠢᠶᠠᠷ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠶᠢᠨ ᠦᠶᠯᠡᠴᠢᠯᠡᠭᠡᠨ ᠤ ᠭᠠᠵᠠᠷ       ᠬᠠᠷᠢᠯᠴᠠᠬᠤ ᠤᠲᠠᠰᠤ᠄ 0471 - 6386307       ᠳᠠᠭᠠᠯᠳᠤᠭᠤᠯᠤᠯ᠄ ᠵᠢᠱᠢᠶ᠎ᠡ ᠦᠵᠡᠭᠦᠯᠬᠦ ᠥᠷᠲᠡᠭᠡ ᠶᠢ ᠰᠢᠯᠢᠨ ᠰᠤᠩᠭᠤᠭᠰᠠᠨ ᠨᠡᠷᠡᠰ 
20240109.jpg
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号