︽ᠣᠷᠣᠨ ᠨᠤᠲᠤᠭ ᠤᠨ ᠴᠢᠨᠠᠷᠲᠠᠶ ᠲᠡᠷᠭᠡ ᠬᠥᠰᠬᠡ ᠶᠢᠨ ᠨᠡᠪᠲᠡᠷᠡᠬᠦ ᠰᠦᠢᠳᠬᠡᠯ ᠢ ᠬᠠᠰᠤᠵᠤ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠢᠯᠭᠠᠷᠠᠭᠤᠯᠤᠨ ᠵᠢᠷᠤᠮᠵᠢᠭᠤᠯᠬᠤ ᠲᠤᠬᠠᠶ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ | ᠶᠠᠮᠤᠨ ᠤ ᠮᠡᠳᠡᠭᠳᠡᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠠᠰᠠᠮᠠᠯ ᠵᠠᠮ ᠲᠠᠷᠬᠠᠭᠠᠭᠰᠠᠨ ﹇2019﹈ | 98 ᠳ᠋ᠤᠭᠠᠷ ᠲᠣᠭᠠᠲᠤ︶ ︽ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ︾ ᠵᠢᠴᠢ | ᠲᠥᠷᠥ ᠶᠢᠨ ᠶᠠᠪᠤᠳᠠᠯ ᠤᠨ ᠬᠤᠷᠢᠶᠠᠨ ᠤ ᠠᠰᠲᠠᠭᠠᠨ ᠲᠣᠭᠲᠠᠭᠠᠯ ᠲᠠᠢ ᠠᠴᠠ ᠭᠠᠳᠠᠨ᠎ᠠ᠂ ᠬᠤᠶᠢᠰᠢᠳᠠ ᠡᠯ᠎ᠡ ᠮᠤᠵᠢ | ︵ᠣᠷᠣᠨ᠂ ᠬᠤᠲᠠ︶ ᠶᠠᠮᠠᠷᠪᠠ ᠬᠡᠯᠪᠡᠷᠢ ᠪᠠᠷ ᠲᠡᠷᠭᠡ ᠬᠥᠰᠬᠡ ᠶᠢᠨ ᠨᠡᠪᠲᠡᠷᠡᠬᠦ ᠰᠦᠢᠳᠬᠡᠯ ᠢ ᠬᠠᠰᠤᠵᠤ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ ᠪᠣᠯᠬᠤ ᠦᠭᠡᠶ᠃ ᠵᠢᠴᠢ ︽ᠪᠥᠬᠦ ᠣᠷᠣᠨ ᠤ | ᠲᠡᠷᠭᠡ ᠬᠦᠰᠭᠡ ᠶᠢᠨ ᠨᠡᠪᠲᠡᠷᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠰᠢᠨ᠎ᠡ ᠪᠠᠷ ᠬᠢᠨᠠᠨ ᠲᠣᠭᠲᠠᠭᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ | ᠵᠠᠰᠠᠭ ᠤᠨ ᠲᠢᠩᠬᠢᠮ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ︵ᠥᠪᠥᠷ ᠬᠥᠭᠵᠢᠭᠦᠯᠦᠯᠲᠡ | ᠥᠭᠡᠷᠡᠴᠢᠯᠡᠯᠲᠡ ᠶᠢᠨ ᠰᠦᠢᠳᠭᠡᠯ ᠦᠰᠦᠭ ﹇2017﹈ 816 ᠳ᠋ᠤᠭᠠᠷ ᠲᠣᠭᠠᠲᠤ︶ ᠤᠨ ᠲᠣᠭᠲᠠᠭᠠᠯ ᠳᠤ᠄ | ᠠᠷᠠᠳ ᠲᠤ ᠠᠰᠢᠭᠲᠠᠶ ᠲᠠᠷᠢᠶᠠᠴᠢᠳ ᠲᠤ ᠠᠰᠢᠭ ᠬᠦᠷᠲᠡᠭᠡᠬᠦ ᠬᠡᠪᠴᠢᠶ᠎ᠡ ᠳᠤ ᠬᠤᠶᠠᠷ ᠬᠦᠷᠳᠦᠲᠦ ᠮᠣᠲ᠋ᠣᠷ᠂ | ᠭᠤᠷᠪᠠᠨ ᠬᠦᠷᠳᠦᠲᠦ ᠮᠣᠲ᠋ᠣᠷ᠂ ᠠᠴᠢᠶᠠᠯᠠᠪᠤᠷᠢ ᠶᠢᠨ ᠴᠢᠨᠠᠷ ᠨᠢ 4.5 ᠲᠣᠨ ᠠᠴᠠ ᠳᠣᠷᠣᠭᠰᠢᠬᠢ ᠲᠠᠷᠢᠶᠠᠯᠠᠩ ᠤᠨ | ᠮᠠᠰᠢᠨ ᠲᠡᠷᠭᠡ ᠪᠣᠯᠤᠨ ᠰᠦᠢᠳᠬᠡᠯ ᠬᠤᠷᠢᠶᠠᠬᠤ ᠥᠷᠲᠡᠭᠡ ᠶᠢᠨ ᠡᠷᠭᠢᠨ ᠲᠣᠭᠤᠷᠢᠨ ᠤ 10 ᠺᠢᠯᠣᠮᠧᠲᠷ ᠤᠨ | ᠳᠣᠲᠣᠷᠠᠬᠢ ᠲᠣᠰᠬᠤᠨ ᠤ ᠲᠠᠷᠢᠶᠠᠴᠢᠨ ᠮᠠᠯᠴᠢᠨ ᠤ ᠬᠤᠪᠢᠨ ᠤ ᠮᠥᠷᠲᠡᠭᠡᠨ ᠰᠦᠢᠳᠬᠡᠯ ᠬᠤᠷᠢᠶᠠᠬᠤ ᠥᠷᠲᠡᠭᠡ ᠪᠠᠷ | ᠪᠠᠶᠢᠩᠭᠤ ᠨᠡᠪᠲᠡᠷᠡᠬᠦ ᠵᠢᠵᠢᠭ ᠠᠶᠠᠨᠴᠢᠳ ᠤᠨ ᠲᠡᠷᠭᠡ ᠪᠠᠭᠲᠠᠨ᠎ᠠ᠃ |