ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠢᠴᠢᠯ ᠡᠷᠭᠢᠯᠲᠡ ᠨᠡᠶᠢᠲᠡ ᠶᠢᠨ ᠮᠠᠰᠢᠨ ᠲᠡᠷᠭᠡ ᠬᠤᠲᠠ ᠶᠢᠨ ᠠᠷᠠᠳ ᠤᠨ ᠶᠠᠪᠤᠵᠤ ᠰᠠᠭᠤᠬᠤ ︽ᠡᠴᠦᠰ ᠤᠨ ᠨᠢᠭᠡ ᠺᠢᠯᠦᠮᠧᠲᠷ︾᠎ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/12/24
    ᠡᠨᠡ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠡᠷᠭᠡ ᠬᠥᠰᠭᠡ ᠶᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠪᠢᠴᠢᠯ ᠡᠷᠭᠢᠯᠲᠡ ᠶᠢᠨ ᠵᠠᠯᠭᠠᠨ ᠲᠡᠭᠡᠭᠡᠪᠦᠷᠢᠯᠡᠬᠦ ᠠᠵᠢᠯ ᠢ ᠴᠠᠭ ᠲᠤ ᠨᠢ ᠲᠣᠬᠢᠷᠠᠭᠤᠯᠤᠨ ᠥᠷᠨᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠪᠣᠯᠭᠠᠬᠤ ᠶᠢ ᠦᠨᠡᠨ ᠬᠦ ᠪᠠᠲᠤᠯᠠᠪᠠ᠃ ᠣᠳᠤᠬᠠᠨ ᠪᠣᠯᠲᠠᠯ᠎ᠠ᠂ ᠲᠣᠰ ᠬᠤᠲᠠ ᠶᠢᠨ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ 32 ᠪᠠᠶᠢᠵᠤ᠂ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠨᠢ 100%᠎ ᠳᠤ ᠬᠦᠷᠴᠡᠶ᠃     ᠣᠶᠢᠷ᠎ᠠ ᠶᠢᠨ ᠵᠢᠯ ᠤᠳ ᠲᠤ᠂ ᠲᠤᠰ ᠲᠣᠪᠴᠢᠶ᠎ᠠ ᠨᠡᠶᠢᠲᠡ ᠶᠢᠨ ᠨᠡᠶᠢᠲᠡ ᠶᠢᠨ ᠮᠠᠰᠢᠨ ᠲᠡᠷᠭᠡᠨ ᠤ ᠪᠢᠴᠢᠯ ᠡᠷᠭᠢᠯᠲᠡ ᠶᠢᠨ ᠦᠢᠯᠡᠴᠢᠯᠡᠭᠡ ᠬᠠᠩᠭᠠᠵᠤ᠂ ᠬᠤᠩ ᠰᠢᠩ ᠮᠧᠢ ᠺᠠᠢ ᠯᠦᠩ ᠠᠴᠠ ᠯᠠᠩ ᠷᠦᠨ ᠶᠤᠸᠠᠨ ᠬᠦᠷᠬᠦ ᠵᠠᠯᠭᠠᠯᠲᠠ ᠶᠢᠨ ᠲᠡᠷᠭᠡ ᠶᠢ ᠨᠡᠪᠲᠡᠷᠡᠭᠦᠯᠵᠦ᠂ ᠵᠠᠮ ᠱᠤᠭᠤᠮ ᠤᠨ ᠪᠦᠬᠦ ᠤᠷᠲᠤ ᠨᠢ ᠪᠠᠷᠤᠭ 6 ᠺᠢᠯᠣᠮᠧᠲᠷ ᠪᠠᠶᠢᠵᠤ᠂ ᠪᠠᠷᠤᠭ 15 ᠮᠢᠨᠦ᠋ᠲ ᠨᠢᠭᠡ ᠤᠳᠠᠭ᠎ᠠ᠂ ᠯᠠᠩ ᠷᠦᠨ ᠶᠤᠸᠠᠨ ᠰᠠᠭᠤᠭᠠᠯᠢ ᠠᠷᠠᠳ ᠵᠠᠯᠭᠠᠯᠲᠠ ᠶᠢᠨ ᠲᠡᠷᠭᠡᠨ ᠳᠤ ᠰᠠᠭᠤᠵᠤ ᠬᠤᠩ ᠰᠢᠩ ᠮᠧᠢ ᠺᠠᠢ ᠯᠦᠩ ᠠᠴᠠ 7 ᠳ᠋ᠤᠭᠠᠷ ᠵᠠᠮ᠂ 9 ᠳ᠋ᠦ᠋ᠭᠡᠷ ᠵᠠᠮ ᠪᠠ 12 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠣᠯᠤᠨ᠎ᠠ᠃ ᠪᠣᠷᠣᠲᠣᠬᠤᠶ ᠶᠡᠭᠡ ᠰᠤᠷᠭᠠᠭᠤᠯᠢ ᠠᠴᠠ ᠬᠠᠲᠤᠨ ᠭᠤᠤᠯ ᠤᠨ ᠪᠤᠯᠤᠩ ᠶᠠᠪᠠᠭᠠᠨ ᠵᠡᠭᠡᠯᠢ ᠶᠢᠨ ᠲᠤᠰᠬᠠᠶ ᠱᠤᠭᠤᠮ ᠢ ᠨᠡᠪᠲᠡᠷᠡᠭᠦᠯᠵᠦ᠂ ᠪᠦᠬᠦ ᠣᠷᠳᠣ ᠨᠢ ᠪᠠᠷᠤᠭ 12.5 ᠺᠢᠯᠦᠮᠧᠲᠷ ᠪᠠᠶᠢᠵᠤ᠂ ᠪᠠᠷᠤᠭ 30 ᠮᠢᠨᠦ᠋ᠲ ᠨᠢᠭᠡ ᠤᠳᠠᠭ᠎ᠠ ᠶᠠᠪᠤᠳᠠᠭ᠃    ᠲᠣᠰ ᠲᠣᠪᠴᠢᠶ᠎ᠠ ᠬᠥᠮᠦᠨ ᠤ ᠤᠷᠤᠰᠬᠠᠯ ᠤᠨ ᠬᠡᠮᠵᠢᠶ᠎ᠡ ᠨᠢᠭᠲᠠᠷᠠᠭᠰᠠᠨ ᠬᠤᠳᠠᠯᠳᠤᠭᠠᠨ ᠤ ᠲᠣᠭᠤᠷᠢᠭ᠂ ᠠᠵᠤ ᠠᠬᠤᠶᠢᠯᠠᠯ ᠲᠥᠪᠯᠡᠷᠡᠭᠰᠡᠨ ᠭᠠᠵᠠᠷ ᠵᠡᠷᠭᠡ ᠣᠷᠣᠨ ᠪᠦᠰᠡ ᠶᠢᠨ ᠲᠣᠭᠤᠷᠢᠨ ᠳᠤ ᠨᠡᠶᠢᠲᠡ ᠶᠢᠨ ᠮᠠᠰᠢᠨ ᠲᠡᠷᠭᠡᠨ ᠤ ᠲᠣᠤᠷ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠳᠤ ᠰᠠᠭᠤᠬᠤ ᠳᠠᠯᠳᠠ ᠰᠦᠷᠦᠭᠵᠢᠯ ᠢ ᠠᠭᠤᠳᠠᠯᠵᠤ᠂ ᠨᠠᠩ ᠣᠯᠠᠨ ᠥᠨᠳᠥᠷ ᠪᠦᠲᠦᠮᠵᠢᠲᠡᠶ ᠵᠠᠯᠭᠠᠭᠰᠠᠨ ᠨᠡᠶᠢᠲᠡ ᠶᠢᠨ ᠮᠠᠰᠢᠨ ᠲᠡᠷᠭᠡᠨ ᠤ ᠪᠢᠴᠢᠯ ᠡᠷᠭᠢᠯᠲᠡ ᠶᠢᠨ ᠵᠠᠮ ᠱᠤᠭᠤᠮ ᠢ ᠰᠦᠪᠡᠭᠴᠢᠯᠡᠨ ᠨᠡᠭᠡᠭᠡᠵᠦ᠂ ᠪᠠᠶᠠᠨᠨᠠᠭᠤᠷ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯᠯᠠᠵᠤ ᠵᠢᠭᠤᠯᠴᠢᠯᠠᠬᠤ ᠳᠤ ᠲᠣᠬᠢᠷᠠᠮᠵᠢᠲᠠᠶ ᠴᠢᠨᠠᠷ ᠰᠠᠶᠢᠲᠠᠶ ᠬᠤᠲᠠ ᠲᠡᠶᠢᠰᠢ ᠲᠦᠷᠭᠡᠨ ᠤᠷᠤᠭᠰᠢᠯᠠᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号