ᠠᠯᠠᠱᠠ ᠠᠶᠢᠮᠠᠭ ᠤᠨ ᠬᠢᠨ ᠲᠦᠷᠦᠭᠦᠦ ᠪᠦᠯᠦᠭ ᠬᠠᠭᠤᠴᠢᠷᠠᠭᠰᠠᠨ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠶᠢᠨ ᠮᠥᠩᠭᠦ ᠶᠢ ᠣᠯᠭᠤᠪᠠ
ᠨᠡᠶᠢᠲᠡᠯᠡᠭᠰᠡᠨ ᠴᠠᠭ᠄
2024/12/24
    ︽ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠶᠢᠨ ᠮᠥᠩᠭᠦ ᠶᠢ ᠨᠢᠭᠡᠨᠲᠡ ᠣᠯᠵᠠᠶ᠂ ᠲᠠ ᠨᠠᠷ ᠲᠤ ᠪᠠᠶᠠᠷᠯᠠᠭᠰᠠᠨ ᠰᠢᠦ᠃︾ ᠣᠶᠢᠷ᠎ᠠ ᠳᠤ᠂ ᠠᠯᠠᠱᠠ ᠠᠶᠢᠮᠠᠭ ᠤᠨ ᠪᠠᠶᠠᠨᠬᠤᠲᠠ ᠳᠤ ᠰᠠᠭᠤᠭ᠎ᠠ ᠪᠠᠷᠠᠭᠠᠨ ᠤ ᠮᠠᠰᠢᠨ ᠲᠡᠷᠭᠡ ᠶᠢᠨ ᠵᠢᠯᠣᠭᠤᠴᠢ ᠡᠦ ᠭᠤᠸᠠᠶ ᠪᠠᠩᠬᠢ ᠶᠢᠨ ᠺᠠᠷᠲ ᠤᠨ ᠵᠣᠭᠤᠰ ᠬᠤᠷᠢᠶᠠᠭᠰᠠᠨ ᠵᠢᠷᠤᠭ ᠢ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠎ ᠶᠢᠨ ᠠᠵᠢᠯᠲᠠᠨ ᠳᠤ ᠶᠠᠪᠤᠭᠤᠯᠵᠤ᠂ ᠳᠣᠭᠳᠣᠯᠤᠭᠰᠠᠨ ᠰᠡᠳᠬᠢᠯᠭᠡ ᠪᠠᠨ ᠢᠯᠡᠳᠬᠡᠪᠡ᠃ ᠣᠲᠣ ᠪᠣᠯᠬᠤ ᠳᠤ᠂ ᠲᠣᠰ ᠠᠶᠢᠮᠠᠭ ᠤᠨ ᠲᠦᠷᠦᠭᠦᠦ ᠪᠦᠯᠦᠭ ᠬᠠᠭᠤᠴᠢᠷᠠᠭᠰᠠᠨ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠶᠢᠨ ᠮᠥᠩᠭᠦ ᠶᠢ 35.1 ᠲᠦᠮᠡᠨ ᠲᠥᠭᠦᠷᠢᠭ ᠣᠯᠭᠤᠵᠤ᠂ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠲᠠᠢ ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠮᠠᠰᠢᠨ ᠲᠡᠷᠭᠡ ᠶᠢ 12 ᠬᠡᠷᠡᠭᠯᠡᠭᠡᠨ ᠠᠴᠠ ᠭᠠᠷᠭᠠᠪᠠ᠃     ᠡᠨᠡ ᠵᠢᠯ ᠤᠯᠤᠰ ᠠᠴᠠ ᠬᠠᠭᠤᠴᠢᠷᠠᠭᠰᠠᠨ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠬᠠᠭᠤᠴᠢᠷᠠᠭᠰᠠᠨ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠥᠭᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠵᠢᠴᠢ ᠨᠥᠬᠦᠪᠥᠷᠢ ᠥᠭᠬᠦ ᠲᠥᠰᠦᠯ ᠢ ᠳᠠᠷᠤᠮᠠᠯᠯᠠᠨ ᠲᠠᠷᠬᠠᠭᠠᠭᠰᠠᠨ ᠪᠥᠭᠡᠳ ᠲᠦᠷᠢᠶᠡᠰᠦᠨ ᠮᠠᠰᠢᠨ ᠲᠡᠷᠭᠡᠨ ᠤ ᠣᠷᠣᠶ ᠳᠡᠭᠡᠷᠡᠬᠢ ᠳ᠋ᠧᠩ᠂ ᠨᠡᠶᠢᠲᠡ ᠶᠢᠨ ᠮᠠᠰᠢᠨ ᠲᠡᠷᠭᠡᠨ ᠤ LED ᠳᠡᠯᠭᠡᠴᠡ᠂ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ ᠲᠣᠮᠣ ᠳᠡᠯᠭᠡᠴᠡ ᠵᠡᠷᠭᠡ ᠪᠠᠷ ᠳᠠᠮᠵᠢᠭᠤᠯᠤᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠵᠢᠴᠢ ᠪᠠᠷᠢᠮᠵᠢᠶ᠎ᠠ ᠶᠢ ᠤᠬᠠᠭᠤᠯᠬᠤ ᠶᠢ ᠣᠷᠳᠣ ᠬᠤᠭᠤᠴᠠᠭ᠎ᠠ ᠪᠠᠷ ᠨᠡᠪᠲᠡᠷᠡᠭᠦᠯᠵᠦ᠂ ᠤᠬᠠᠭᠤᠯᠭ᠎ᠠ ᠶᠢᠨ ᠬᠠᠭᠤᠳᠠᠰᠤ ᠨᠠᠭᠠᠵᠤ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠫᠤᠷᠲ᠋ᠧᠯ ᠰᠦᠯᠵᠢᠶ᠎ᠡ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠭᠠᠷᠭᠠᠵᠤ᠂ ᠠᠰᠠᠭᠤᠨ ᠯᠠᠪᠯᠠᠬᠤ ᠳ᠋ᠢᠶᠠᠩᠬᠤᠸᠠ ᠶᠢ ᠨᠡᠶᠢᠲᠡᠯᠡᠵᠦ᠂ ᠪᠥᠬᠦ ᠨᠡᠶᠢᠭᠡᠮ ᠳᠤ ᠥᠷᠭᠡᠨ ᠢᠶᠠᠷ ᠤᠬᠠᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠨᠴᠥᠭ ᠪᠤᠯᠤᠩ ᠦᠯᠡᠳᠡᠭᠡᠯ ᠥᠬᠡᠶ ᠪᠠᠶᠢᠯᠭᠠᠬᠤ ᠶᠢ ᠪᠠᠲᠤᠯᠠᠪᠠ᠃     ᠡᠭᠦᠨ ᠤ ᠬᠠᠮᠲᠤ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠬᠤᠯᠪᠣᠭᠠᠯᠠᠨ ᠵᠣᠬᠢᠴᠠᠭᠤᠯᠵᠤ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠤᠨ᠂ ᠰᠦᠯᠵᠢᠶᠡᠨ ᠭᠠᠳᠠᠨᠠᠬᠢ ᠣᠯᠠᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠬᠤ ᠴᠢᠬᠤᠯᠠᠲᠠᠶ ᠨᠥᠬᠦᠪᠥᠷᠢ ᠭᠤᠶᠤᠴᠢᠯᠠᠬᠤ ᠠᠭᠤᠯᠭ᠎ᠠ ᠳᠤ ᠴᠢᠭᠯᠡᠭᠦᠯᠦᠨ᠂ ᠲᠤᠰᠬᠠᠶ ᠬᠥᠮᠦᠨ ᠲᠣᠬᠢᠷᠠᠭᠤᠯᠤᠨ ᠨᠢᠭᠡᠳᠦᠯᠲᠡᠶ ᠭᠦᠶᠴᠡᠳᠬᠡᠬᠦ ᠠᠵᠢᠯ ᠬᠢᠯᠭᠡᠵᠦ᠂ ᠤᠲᠠᠰᠤ ᠪᠠᠷ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠭᠴᠢ ᠶᠢ ᠬᠠᠪᠰᠤᠷᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠂ ᠲᠡᠭᠡᠭᠡᠪᠦᠷᠢ ᠶᠢᠨ ᠦᠶᠯᠡᠰ ᠤᠨ ᠡᠷᠦᠬᠡ ᠶᠢᠨ ᠨᠥᠬᠦᠪᠥᠷᠢ ᠭᠤᠶᠤᠴᠢᠯᠠᠨ ᠠᠪᠬᠤ ᠳᠤ ᠲᠤᠶᠢᠯ ᠤᠨ ᠶᠡᠭᠡ ᠲᠥᠬᠦᠮ ᠦᠵᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号