12 ᠳ᠋ᠤᠭᠠᠷ ᠰᠠᠷ᠎ᠠ ᠶᠢᠨ 23 ᠤ ᠡᠳᠦᠷ᠂ 2025 ᠣᠨ ᠤ ᠪᠥᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ | ᠶᠢᠨ ᠠᠵᠢᠯ ᠤᠨ ᠬᠤᠷᠠᠯ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠠᠮ ᠤᠨ ᠰᠤᠷᠭᠠᠭᠤᠯᠢ ᠳᠤ ᠬᠤᠷᠠᠯᠳᠤᠵᠤ᠂ | 2024 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠳ᠋ᠦᠩᠨᠡᠨ᠂ ᠪᠠᠶᠢᠳᠠᠯ ᠢ ᠵᠠᠳᠠᠯᠵᠤ᠂ 2025 ᠣᠨ | ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠶᠠᠮᠤᠨ ᠤ ᠰᠠᠶᠢᠳ ᠯᠢᠦ ᠸᠧᠶ ᠬᠤᠷᠠᠯ ᠳᠤ ᠣᠷᠣᠯᠴᠠᠭᠰᠠᠨ ᠪᠥᠭᠡᠳ ᠴᠢᠬᠤᠯᠠᠴᠢᠯᠠᠭᠰᠠᠨ ᠨᠢ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠪᠦᠭᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠶᠡᠷᠦᠩᠬᠡᠢ ᠱᠦᠵᠢ ᠰᠢ ᠶᠢᠨ ᠫᠢᠩ ᠤᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ | ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠳᠤ ᠦᠢᠯᠡᠴᠢᠯᠡᠵᠦ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ | ᠪᠠᠲᠤᠲᠠᠶ ᠠᠬᠢᠭᠤᠯᠤᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠦᠷᠭᠡᠳᠬᠡᠨ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ | ᠨᠢᠭᠡᠳᠦᠯᠲᠡᠶ ᠲᠦᠯᠦᠪᠵᠢᠭᠦᠯᠵᠦ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ | ᠪᠠᠶᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠮᠵᠢᠲᠡᠶ ᠪᠠᠯᠠ ᠣᠷᠣᠭᠤᠯᠤᠯᠲᠠ ᠶᠢ ᠲᠣᠭᠳᠠᠪᠤᠷᠢᠵᠢᠭᠤᠯᠤᠨ᠂ | ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠳᠡᠭ ᠢ ᠪᠠᠭᠤᠷᠠᠭᠤᠯᠵᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶᠢᠷᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ | ᠠᠭᠤᠰᠤᠯᠳᠤᠨ ᠬᠥᠭᠵᠢᠬᠦ ᠶᠢ ᠠᠬᠢᠭᠤᠯᠤᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ | ᠪᠡᠶᠡᠯᠡᠭᠦᠯᠦᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ | ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ ᠭᠡᠵᠡᠢ᠃ | ᠬᠤᠷᠠᠯ ᠠᠴᠠ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | 75 ᠵᠢᠯ ᠤᠨ ᠣᠶ ᠪᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠵᠢᠯ ᠲᠥᠷᠥᠯ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ | ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣ ᠪᠠᠷ᠂ | ᠰᠢᠷᠭᠠᠭᠤ ᠬᠠᠲᠠᠭᠤᠵᠢᠯᠲᠠᠢ ᠠᠵᠢᠯᠯᠠᠨ᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠵᠦ᠂ ᠡᠯ᠎ᠡ ᠵᠦᠢᠯ | ᠤᠨ ᠣᠨ ᠤ ᠬᠠᠷᠠᠯᠲᠠ ᠡᠭᠦᠷᠭᠡ ᠪᠠᠨ ᠤᠷᠤᠭᠰᠢᠲᠠᠶ ᠪᠡᠶᠡᠯᠡᠭᠦᠯᠦᠨ᠂ ᠤᠯᠤᠰ ᠤᠨ ᠶᠡᠷᠦᠩᠬᠡᠶᠢᠯᠡᠭᠰᠡᠨ ᠪᠣᠰᠤᠭ᠎ᠠ | ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠲᠠᠰᠤᠷᠠᠯᠲᠠ ᠥᠬᠡᠶ | ᠳᠡᠭᠡᠭᠰᠢᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠨᠡᠭᠡᠭᠡᠯᠲᠡ ᠶᠢ ᠦᠷᠭᠡᠳᠬᠡᠨ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠢᠨ᠎ᠡ ᠶᠢ ᠡᠭᠦᠳᠦᠨ ᠬᠥᠭᠵᠢᠬᠦ ᠴᠢᠳᠠᠪᠤᠷᠢ ᠦᠷᠭᠦᠯᠵᠢᠯᠡᠨ ᠴᠢᠩᠭᠠᠷᠠᠵᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ | ᠬᠤᠪᠢᠷᠠᠯᠲᠠ ᠶᠢ ᠲᠦᠷᠭᠡᠪᠴᠢᠯᠡᠨ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠬᠥᠭᠵᠢᠯᠲᠡ | ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶ᠎ᠠ ᠨᠢ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ | ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠰᠡᠷᠭᠡᠭ ᠪᠠᠶᠢᠵᠤ᠂ ᠶᠡᠭᠡ ᠬᠠᠨᠳᠤᠰᠢ ᠶᠢ ᠡᠵᠡᠮᠳᠡᠨ᠂ | ᠢᠲᠡᠭᠡᠯ ᠵᠣᠷᠢᠭ ᠢᠶᠠᠨ ᠪᠠᠲᠤᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ | ᠤ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠳᠡᠭᠡᠷ᠎ᠡ ᠦᠨᠡᠨ ᠬᠦ ᠨᠢᠭᠡᠳᠬᠡᠵᠦ᠂ ᠦᠵᠡᠯ ᠰᠠᠨᠠᠭ᠎ᠠ | ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠬᠤᠪᠢᠰᠤᠯᠲᠠ | ᠶᠢᠨ ᠳᠤᠮᠳᠠ ᠲᠣᠭᠲᠠᠯ ᠬᠦᠴᠦᠨ ᠢᠶᠠᠨ ᠪᠠᠲᠤᠯᠠᠨ᠂ ᠪᠡᠯᠡᠳᠬᠡᠯ ᠠᠵᠢᠯ ᠢ ᠰᠠᠶᠢᠲᠤᠷ ᠬᠢᠵᠦ᠂ ᠰᠠᠨᠠᠭᠠᠴᠢᠯᠠᠭᠠᠲᠤ | ᠳᠠᠶᠢᠨ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ 2025 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠰᠠᠶᠢᠲᠤᠷ ᠬᠢᠬᠦ ᠳᠤ᠂ ᠵᠠᠮ | ᠬᠠᠷᠢᠯᠴᠠᠭᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ | ︽ᠲᠠᠪᠤ ᠶᠢ ᠡᠷᠬᠡᠪᠰᠢ ᠨᠢᠭᠡᠳᠦᠯᠲᠡᠶ ᠲᠥᠯᠥᠪᠵᠢᠭᠦᠯᠬᠦ︾ ᠶᠢ ᠪᠡᠶᠡᠯᠡᠭᠦᠯᠵᠦ᠂ ᠲᠣᠭᠲᠠᠭᠤᠨ ᠪᠦᠲᠦᠮᠵᠢᠲᠡᠶ ᠪᠠᠯᠠ | ᠣᠷᠣᠭᠤᠯᠤᠯᠲᠠ᠂ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠰᠢᠨ᠎ᠡ ᠴᠢᠨᠠᠷ ᠪᠦᠬᠦᠢ ᠦᠶᠯᠡᠳᠪᠦᠷᠢᠯᠡᠯ | ᠤᠨ ᠬᠦᠴᠦᠨ ᠢ ᠬᠦᠭᠵᠢᠭᠦᠯᠬᠦ᠂ ᠠᠮᠤᠷ ᠲᠦᠪᠰᠢᠨ ᠲᠣᠭᠲᠠᠭᠤᠨ ᠢ ᠪᠠᠲᠤᠯᠠᠬᠤ ᠶᠢ ᠨᠡᠩ ᠴᠢᠬᠤᠯᠠᠴᠢᠯᠠᠵᠤ᠂ ᠪᠥᠬᠦ | ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠡᠭᠦᠷᠭᠡ ᠶᠢ ᠴᠢᠩᠭ᠎ᠠ ᠠᠳᠬᠤᠨ᠂ ᠠᠵᠢᠯ ᠲᠥᠷᠥᠯ ᠤᠨ ᠪᠣᠳᠠᠲᠠᠶ ᠲᠠᠢ | ᠤᠶᠠᠯᠳᠤᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠡᠯ᠎ᠡ ᠵᠦᠶᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠨᠢᠭᠡ ᠳᠤ᠂ ᠤᠯᠤᠰ ᠤᠨ | ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ | ᠬᠤᠶᠠᠷ ᠲᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ | ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶ ᠠᠬᠢᠭᠤᠯᠤᠨ᠎ᠠ᠃ ᠭᠤᠷᠪᠠ ᠳᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠳᠥᠷᠪᠡ | ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠰᠢᠨ᠎ᠡ ᠴᠢᠨᠠᠷ ᠪᠦᠬᠦᠢ ᠦᠶᠯᠡᠳᠪᠦᠷᠢᠯᠡᠯ ᠤᠨ ᠬᠦᠴᠦᠨ ᠢ | ᠬᠥᠭᠵᠢᠭᠦᠯᠦᠨ ᠪᠤᠵᠠᠭᠠᠶᠢᠷᠠᠭᠤᠯᠤᠨ᠎ᠠ᠃ ᠲᠠᠪᠤ ᠳᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠮᠤᠷ ᠲᠦᠪᠰᠢᠨ ᠲᠣᠭᠲᠠᠭᠤᠨ ᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ᠲᠤᠯᠤᠭ᠎ᠠ | ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠠᠳᠠᠭᠠᠳᠤ ᠨᠡᠬᠡᠬᠡᠯᠳᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠨᠠᠶᠮᠠ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠪᠠ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠨ᠎ᠠ᠃ ᠶᠢᠰᠦ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ | ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠶᠯ ᠤᠨ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠥᠷᠥᠨ ᠤᠷᠤᠭᠰᠢᠯᠠᠵᠤ᠂ | ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠨ | ᠤ ᠬᠠᠷᠠᠯᠲᠠ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠰᠡᠭᠦᠯ ᠬᠤᠷᠢᠶᠠᠬᠤ ᠶᠢ ᠦᠨᠡᠨ ᠬᠦ ᠪᠠᠲᠤᠯᠠᠵᠤ᠂ ᠵᠠᠮ ᠬᠠᠷᠢᠯᠴᠠᠭᠠᠨ | ᠤ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠶᠢ ᠬᠦᠴᠦᠯᠡᠨ ᠲᠦᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ | ᠤᠨ ᠣᠳᠣᠬᠢᠴᠢᠯᠠᠯᠲᠠ ᠶᠢᠨ ᠵᠠᠮ ᠨᠡᠭᠡᠭᠡᠬᠦ ᠬᠤᠰᠢᠭᠤᠴᠢ ᠪᠣᠯᠬᠤ ᠪᠠᠷ ᠴᠢᠷᠮᠠᠶᠢᠵᠤ᠂ ᠤᠯᠤᠰ ᠢᠶᠠᠨ | ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠶᠯᠡᠰ ᠲᠤ | ᠨᠠᠩ ᠪᠠᠲᠤ ᠴᠢᠩᠭ᠎ᠠ ᠬᠦᠴᠦᠨ ᠪᠥᠬᠦᠶ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠪᠠᠲᠤᠯᠠᠭ᠎ᠠ ᠬᠠᠩᠭᠠᠬᠤ | ᠬᠡᠷᠡᠭᠲᠡᠶ ᠭᠡᠵᠦ ᠱᠠᠭᠠᠷᠳᠠᠪᠠ᠃ | ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ | ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠽᠸᠤ ᠲᠢᠶᠠᠨ ᠵᠢᠩ | ᠬᠤᠷᠠᠯ ᠢ ᠡᠷᠭᠢᠯᠡᠪᠡ᠃ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠰᠢᠤᠢ ᠴᠧᠩ ᠭᠤᠸᠠᠩ᠂ | ᠹᠦ᠋ ᠰᠢᠤᠢ ᠶᠢᠨ᠂ ᠸᠠᠩ ᠭᠠᠩ᠂ ᠯᠢ ᠶᠠᠩ᠂ ᠵᠤᠤ ᠴᠥᠩ ᠵᠢᠦ᠂ ᠰᠦᠩ ᡁᠢ ᠶᠦᠩ᠂ ᠹᠸᠢ ᠳ᠋ᠦᠩ ᠪᠢᠨ ᠬᠤᠷᠠᠯ | ᠳᠤ ᠣᠷᠣᠯᠴᠠᠪᠠ᠃ ᠤᠯᠤᠰ ᠤᠨ ᠲᠡᠮᠦᠷ ᠵᠠᠮ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠲᠣᠪᠴᠢᠶ᠎ᠠ᠂ ᠤᠯᠤᠰ ᠤᠨ ᠰᠢᠦᠳᠠᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠶᠠᠮᠤᠨ ᠤ ᠶᠡᠷᠦᠩᠬᠡᠶ ᠢᠨᠵᠧᠨᠧᠷ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ | ᠬᠢᠨᠠᠨ ᠪᠠᠶᠢᠴᠠᠭᠠᠬᠤ ᠵᠥᠪᠯᠡᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠤ ᠰᠠᠭᠤᠭ᠎ᠠ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ᠂ ᠬᠢᠨᠠᠨ ᠪᠣᠳᠣᠬᠤ ᠵᠠᠬᠢᠷᠭ᠎ᠠ ᠶᠢᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠨᠠᠨ ᠪᠣᠳᠣᠬᠤ ᠲᠣᠪᠴᠢᠶᠠᠨ ᠤ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ | ᠮᠤᠵᠢ ︵ᠣᠷᠣᠨ᠂ ᠬᠤᠲᠠ︶ ᠪᠠ ᠰᠢᠨᠵᠢᠶᠠᠩ ᠤᠨ ᠦᠶᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ | ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︵ᠲᠣᠪᠴᠢᠶ᠎ᠠ᠂ ᠵᠥᠪᠯᠡᠯ︶ ᠤᠨ ᠬᠠᠷᠢᠭᠤᠴᠠᠯᠭᠠᠲᠠᠨ ᠨᠥᠬᠦᠳ᠂ | ᠲᠥᠯᠥᠪᠯᠡᠭᠡ ᠳᠤ ᠵᠢᠭᠰᠠᠭᠠᠭᠰᠠᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠭᠤᠤᠯ | ᠬᠠᠷᠢᠭᠤᠴᠠᠯᠭᠠᠲᠠᠨ ᠨᠥᠬᠦᠳ᠂ ᠶᠠᠮᠤᠨ ᠤ ᠪᠠᠶᠢᠭᠤᠯᠭ᠎ᠠ ᠶᠢᠨ ᠡᠯ᠎ᠡ ᠵᠤᠷᠭᠠᠨ ᠲᠣᠪᠴᠢᠶ᠎ᠠ᠂ ᠶᠠᠮᠤᠨ ᠤ ᠬᠠᠷᠢᠶ᠎ᠠ ᠡᠯ᠎ᠡ | ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠭᠤᠷᠪᠠᠨ ᠤᠯᠤᠰ ᠤᠨ ᠲᠣᠪᠴᠢᠶ᠎ᠠ ᠶᠢᠨ ᠬᠤᠯᠪᠣᠭᠳᠠᠯ ᠪᠦᠬᠦᠢ | ᠵᠤᠷᠭᠠᠨ ᠲᠣᠪᠴᠢᠶᠠᠨ ᠤ ᠭᠤᠤᠯ ᠬᠠᠷᠢᠭᠤᠴᠠᠯᠭᠠᠲᠠᠨ ᠨᠥᠬᠦᠳ᠂ ᠬᠡᠰᠡᠭ ᠰᠢᠭᠤᠳ ᠬᠠᠷᠢᠶᠠᠲᠤ ᠳᠠᠯᠠᠢ ᠶᠢᠨ ᠶᠠᠪᠤᠳᠠᠯ | ᠤᠨ ᠰᠢᠰᠲ᠋ᠧᠮ᠂ ᠬᠥᠬᠡᠮᠥ᠋ᠷᠡᠨ ᠤ ᠠᠶᠠᠯᠠᠯ ᠤᠨ ᠶᠠᠪᠤᠳᠠᠯ ᠤᠨ ᠰᠢᠰᠲ᠋ᠧᠮ᠂ ᠠᠪᠤᠷᠠᠨ ᠲᠤᠰᠠᠯᠠᠵᠤ ᠱᠦᠭᠦᠬᠦ ᠰᠢᠰᠲ᠋ᠧᠮ᠂ | ᠣᠩᠭᠤᠴᠠᠨ ᠲᠡᠰ ᠤᠨ ᠬᠤᠷᠢᠶ᠎ᠠ ᠶᠢᠨ ᠰᠢᠰᠲ᠋ᠧᠮ ᠤᠨ ᠨᠢᠭᠡᠳᠦᠭᠡᠷ ᠱᠠᠲᠤᠨ ᠤ ᠨᠢᠭᠡᠴᠢ ᠶᠢᠨ ᠭᠤᠤᠯ | ᠬᠠᠷᠢᠭᠤᠴᠠᠯᠭᠠᠲᠠᠨ ᠨᠥᠬᠦᠳ᠂ ᠬᠡᠰᠡᠭ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠡᠪᠯᠡᠯ ᠨᠡᠶᠢᠭᠡᠮᠯᠢᠭ᠂ | ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ᠤᠤᠯ ᠤᠨ ᠶᠠᠮᠤᠨ ᠤ ᠤᠳᠤᠷᠢᠳᠤᠯᠭ᠎ᠠ ᠶᠠᠩ ᠴᠤᠸᠠᠨ ᠲᠠᠩ᠂ ᠹᠧᠩ ᠵᠧᠩ ᠯᠢᠨ᠂ ᠮᠠ ᠵᠢᠶᠦ᠋ᠨ ᠱᠧᠩ᠂ ᠳ᠋ᠠᠢ | ᠳ᠋ᠦᠩ ᠴᠠᠩ᠂ ᠬᠤ᠋ ᠰᠢ ᠵᠢᠶᠧ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠶᠠᠮᠤᠨ | ᠵᠥᠪᠯᠡᠯ᠂ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠣᠨᠴᠠ ᠤᠷᠢᠭᠰᠠᠨ ᠪᠦᠬᠦ ᠤᠯᠤᠰ | ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠶᠠᠮᠤᠨ ᠤ ᠪᠠᠶᠢᠭᠤᠯᠭ᠎ᠠ ᠶᠢᠨ ᠺᠠᠳ᠋ᠷ ᠤᠨ ᠲᠥᠯᠥᠭᠡᠯᠡᠭᠴᠢ᠂ | ᠠᠵᠢᠯ ᠠᠴᠠ ᠪᠠᠨ ᠠᠮᠠᠷᠠᠭᠰᠠᠨ ᠨᠠᠮ ᠤᠨ ᠡᠭᠦᠷ ᠤᠨ ᠱᠦᠵᠢ ᠤᠷᠢᠯᠭ᠎ᠠ ᠪᠠᠷ ᠬᠤᠷᠠᠯ ᠳᠤ ᠣᠷᠣᠯᠴᠠᠪᠠ᠃ | |