︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠤᠨ᠎ᠠ — ᠥᠪᠥᠷ ᠮᠣᠩᠭᠤᠯ ᠤᠨ 24 ᠭᠤᠤᠯᠳᠠᠯᠭ᠎ᠠ ᠎ ᠲᠠᠢ ᠵᠠᠰᠠᠮᠠᠯ ᠵᠠᠮ ᠤᠨ ᠭᠤᠤᠯ ᠴᠣᠭᠴᠠ ᠶᠢ ᠪᠠᠶᠢᠭᠤᠯᠤᠨ ᠳᠠᠭᠤᠰᠬᠠᠵᠤ  ᠭᠤᠤᠯᠳᠠᠯᠭ᠎ᠠ ᠲᠠᠢ ᠲᠥᠷᠥᠯ ᠵᠦᠶᠯ ᠨᠢ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠲᠤᠳᠬᠠᠪᠠ
ᠨᠡᠶᠢᠲᠡᠯᠡᠭᠰᠡᠨ ᠴᠠᠭ᠄
2024/12/26
     ᠡᠪᠦᠯ ᠤᠨ ᠤᠯᠠᠷᠢᠯ ᠤᠨ ᠥᠪᠥᠷ ᠮᠣᠩᠭᠤᠯ ᠤᠨ ᠵᠠᠷᠤᠳ ᠲᠠᠯ᠎ᠠ ᠨᠤᠲᠤᠭ ᠲᠤ᠂ ᠦᠦᠷ ᠤᠨ ᠲᠤᠶᠠᠭ᠎ᠠ ᠨᠠᠮ ᠵᠢᠮ ᠲᠠᠯ᠎ᠠ ᠨᠤᠲᠤᠭ ᠲᠤ ᠤᠶᠠᠬᠠᠨ ᠤᠯᠠᠭᠠᠨ ᠥᠩᠭᠡ ᠪᠠᠷ ᠴᠢᠮᠡᠵᠡᠶ᠃ G5511 ᠴᠠᠪᠢᠨᠲᠠᠯ᠎ᠠ ᠠᠴᠠ ᠰᠤᠭᠤᠲᠤ ᠬᠦᠷᠬᠦ ᠵᠠᠰᠠᠮᠠᠯ ᠵᠠᠮ ᠢᠶᠠᠷ᠂ ᠦᠨᠢᠶᠡᠨ ᠰᠦ᠂ ᠡᠪᠡᠰᠦ ᠲᠡᠭᠡᠭᠡᠭᠰᠡᠨ ᠮᠠᠰᠢᠨ ᠲᠡᠷᠭᠡ ᠳᠠᠪᠬᠢᠭᠤᠯᠤᠨ ᠥᠩᠭᠡᠷᠡᠵᠦ᠂ ᠡᠪᠦᠯ ᠤᠨ ᠨᠠᠮ ᠰᠡᠯᠡᠭᠦᠨ ᠴᠠᠰᠤᠲᠤ ᠲᠠᠯ᠎ᠠ ᠶᠢ ᠮᠠᠰᠢ ᠠᠮᠢᠵᠢᠷᠠᠯ ᠤᠨ ᠬᠦᠴᠦᠨ ᠲᠠᠢ ᠪᠣᠯᠭᠠᠪᠠ᠃ ᠠᠳᠡ ᠥᠭᠡᠷᠡᠴᠢᠯᠡᠨ  ᠪᠠᠶᠢᠭᠤᠯᠤᠭᠰᠠᠨ ᠵᠠᠮ ᠤᠨ ᠬᠡᠰᠡᠭ ᠤᠨ 78 ᠺᠢᠯᠣᠮᠧᠲᠷ ᠤᠨ ᠪᠠᠷᠢᠯᠭ᠎ᠠ ᠶᠢ ᠰᠠᠶ᠋ᠢᠬᠠᠨ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠬᠡᠰᠡᠭ ᠤᠨ  ᠳᠡᠭᠡᠳᠤ ᠬᠤᠷᠳᠤ ᠶᠢᠨ ᠵᠠᠰᠠᠮᠠᠯ ᠵᠠᠮ ᠤᠨ ᠪᠥᠬᠦ ᠱᠤᠭᠤᠮ ᠢ ᠦᠨᠳᠦᠰᠦᠨ ᠳᠡᠭᠡᠨ ᠨᠡᠪᠲᠡᠷᠡᠭᠦᠯᠪᠡ᠃
1226-1.jpg
    G5511 ᠴᠠᠪᠢᠨᠲᠠᠯ᠎ᠠ ᠠᠴᠠ ᠰᠤᠭᠤᠲᠤ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ     ︽ᠲᠦᠷᠦᠯ ᠵᠦᠢᠯ ᠨᠢ ᠡᠵᠡᠩᠨᠡᠬᠦ ᠶᠢᠨ ᠳᠠᠭᠠᠤ ᠪᠠᠷᠢᠯᠭ᠎ᠠ ᠡᠬᠢᠯᠡᠭᠦᠯᠬᠦ ᠠᠷᠭ᠎ᠠ ᠬᠡᠯᠪᠡᠷᠢ ᠶᠢ ᠬᠡᠷᠡᠭᠯᠡᠵᠦ᠂ ᠭᠤᠣᠯ ᠱᠤᠭᠤᠮ ᠤᠨ ᠥᠭᠡᠷᠡᠴᠢᠯᠡᠨ ᠪᠠᠶᠢᠭᠤᠯᠬᠤ ᠬᠡᠰᠡᠭ ᠲᠤ ᠬᠤᠶᠠᠷ ᠤᠳᠠᠭᠠᠨ ᠤ ᠡᠵᠡᠩᠨᠡᠯᠲᠡ ᠶᠢᠨ ᠥᠭᠡᠷᠡᠴᠢᠯᠡᠯᠲᠡ ᠶᠢ ᠥᠩᠭᠡᠷᠡᠭᠦᠯᠵᠦ᠂ ᠠᠯᠢ ᠤᠯᠠᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠬᠦ ᠪᠦᠲᠦᠭᠡᠨ ᠪᠠᠶᠢᠭᠤᠯᠤᠭᠴᠢᠳ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ ᠤᠷᠤᠭᠰᠢᠲᠠᠢ ᠨᠡᠪᠳᠡᠷᠡᠪᠡ᠃ ᠴᠠᠪᠢᠨᠲᠠᠯ᠎ᠠ ᠠᠴᠠ ᠰᠤᠭᠤᠲᠤ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠦᠨ ᠪᠠᠶᠢᠭᠤᠯᠤᠭᠰᠠᠨ ᠨᠢ ᠣᠷᠣᠨ ᠪᠦᠰᠡ ᠶᠢᠨ ᠳᠣᠲᠣᠷᠠᠬᠢ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠵᠡᠷᠭᠡ ᠳᠤ ᠴᠢᠬᠤᠯᠠ ᠠᠬᠢᠭᠤᠯᠬᠤ ᠦᠢᠯᠡᠳᠦᠯ ᠲᠠᠢ ᠪᠠᠶᠢᠵᠤ᠂ ᠡᠬᠢ ᠪᠠᠶᠠᠯᠢᠭ ᠤᠨ ᠨᠡᠭᠡᠭᠡᠯᠲᠡ᠂ ᠵᠠᠮ ᠳᠠᠭᠠᠤ ᠶᠢᠨ ᠠᠵᠤ ᠠᠬᠤᠶ᠂ ᠵᠢᠭᠤᠯᠴᠢᠯᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠬᠢᠵᠢᠭᠦᠯᠬᠦ ᠪᠠ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃︾ ᠭᠡᠵᠦ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠲᠥᠷᠥᠯ ᠵᠦᠶᠯ ᠤᠨ ᠬᠠᠮᠢᠶᠠᠷᠤᠯᠲᠠ ᠶᠢᠨ ᠬᠤᠪᠢᠶᠠᠷᠢ ᠺᠣᠮᠫᠠᠨᠢ ᠶᠢᠨ ᠴᠠᠪᠢᠨᠲᠠᠯ᠎ᠠ ᠎ ᠠᠴᠠ ᠰᠤᠭᠤᠲᠤ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠤᠨ ᠠᠯᠪᠠᠨ ᠬᠡᠷ ᠤᠨ ᠶᠡᠷᠦᠩᠬᠡᠶ ᠢᠨᠵᠧᠨᠧᠷ ᠸᠠᠩ ᠹᠧᠩ ᠴᠦᠨ ᠬᠡᠯᠡᠪᠡ᠃      ᠬᠠᠷᠠᠴᠠ ᠪᠠᠨ ᠪᠠᠷᠠᠭᠤᠨᠰᠢ ᠬᠤᠶᠠᠷ ᠮᠢᠩᠭᠠᠨ ᠺᠢᠯᠣᠮᠧᠲᠷ ᠬᠤᠯᠠ ᠶᠢᠨ ᠭᠠᠭᠴᠠᠮᠤᠳᠤ ᠪᠣᠭᠤᠮᠲᠠ ᠳᠤ ᠰᠢᠯᠵᠢᠭᠦᠯᠦᠶ᠎ᠡ᠃ AGV ᠵᠢᠯᠣᠭᠤᠴᠢ ᠦᠭᠡᠢ ᠲᠡᠷᠭᠡ ᠨᠢ ᠮᠣᠩᠭᠤᠯ ᠤᠯᠤᠰ ᠠᠴᠠ ᠭᠠᠷᠤᠭᠰᠠᠨ ᠨᠡᠭᠦᠷᠡᠰᠦ ᠶᠢ ᠳᠦᠭᠦᠷᠲᠡᠯ᠎ᠡ ᠲᠡᠭᠡᠭᠡᠳ ᠮᠥᠷᠯᠡᠨ ᠬᠢᠯᠢ ᠪᠠᠷ ᠣᠷᠣᠵᠤ ᠢᠷᠡᠵᠦ᠂ ᠪᠣᠭᠤᠮᠲᠠ ᠶᠢ ᠬᠤᠯᠪᠣᠭᠰᠠᠨ G0616 ᠭᠠᠭᠴᠠᠮᠤᠳᠤ ᠠᠴᠠ ᠬᠠᠯᠢᠭᠤᠲᠤ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠦᠷᠦᠯ ᠵᠦᠢᠯ ᠨᠢ ᠠᠰᠢᠭᠯᠠᠯᠲᠠ ᠎ ᠳᠤ ᠣᠷᠣᠬᠤ ᠪᠠᠷ ᠪᠠᠶᠢᠵᠤ᠂ ᠳᠠᠭᠠᠯᠲᠠ ᠪᠠᠷᠢᠯᠭ᠎ᠠ᠂ ᠠᠶᠦᠯᠭᠦᠢ ᠬᠠᠮᠠᠭᠠᠯᠠᠯᠲᠠ ᠶᠢᠨ ᠪᠠᠷᠢᠯᠭ᠎ᠠ ᠵᠡᠷᠭᠡ ᠪᠦᠬᠦ ᠵᠦᠢᠯ ᠎ ᠤᠨ ᠪᠡᠯᠡᠳᠬᠡᠯ ᠠᠵᠢᠯ ᠡᠮᠬᠢ ᠴᠡᠭᠴᠡ ᠲᠠᠢ ᠶᠠᠪᠤᠭᠳᠠᠵᠤ ᠪᠠᠶᠢᠨ᠎ᠠ᠃
1226-2.jpg
    G0616 ᠭᠠᠭᠴᠠᠮᠤᠳᠤ ᠠᠴᠠ ᠬᠠᠯᠢᠭᠤᠲᠤ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ     ᠭᠠᠭᠴᠠᠮᠣᠳᠣ ᠪᠣᠭᠤᠮᠲᠠ ᠨᠢ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠬᠢᠯᠢ ᠳᠤ ᠪᠠᠶᠢᠷᠢᠯᠠᠵᠤ᠂ ᠮᠠᠨ ᠤ ᠤᠯᠤᠰ ᠤᠨ ᠨᠢᠭᠡᠳᠦᠭᠡᠷ ᠲᠥᠷᠥᠯ ᠤᠨ ᠬᠠᠭᠤᠷᠠᠶ ᠵᠠᠮ ᠤᠨ ᠪᠣᠭᠤᠮᠲᠠ᠂ ᠴᠢᠬᠤᠯᠠ ᠡᠨᠧᠷᠭᠢ ᠎ ᠶᠢᠨ ᠭᠠᠳᠠᠭᠠᠳᠤ ᠠᠴᠠ ᠣᠷᠣᠭᠤᠯᠬᠤ ᠵᠠᠮ ᠪᠠᠶᠢᠵᠤ᠂ ᠪᠥᠬᠦ ᠤᠯᠤᠰ ᠤᠨ ᠠᠩᠬᠠᠳᠠᠭᠴᠢ AGV ᠵᠢᠯᠣᠭᠤᠴᠢ ᠥᠬᠡᠶ ᠲᠡᠷᠭᠡ ᠶᠢ ᠬᠢᠯᠢ ᠠᠯᠤᠰᠯᠠᠭᠰᠠᠨ ᠲᠡᠭᠡᠭᠡᠪᠦᠷᠢ ᠳᠤ ᠬᠡᠷᠡᠭᠯᠡᠭᠰᠡᠨ ᠪᠣᠭᠤᠮᠲᠠ᠂ ᠥᠪᠥᠷ ᠮᠣᠩᠭᠤᠯ ᠤᠨ ᠪᠣᠭᠤᠮᠲᠠ ᠪᠠᠷ ᠥᠩᠭᠡᠷᠡᠬᠦ ᠬᠡᠮᠵᠢᠶ᠎ᠡ ᠪᠠ ᠠᠷᠠᠯᠵᠢᠶᠠᠨ ᠤ ᠲᠤᠭ᠎ᠠ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ᠂ ᠮᠠᠨ ᠤ ᠤᠯᠤᠰ ᠤᠨ ᠬᠢᠯᠢ ᠳᠠᠭᠠᠤ ᠮᠤᠵᠢ ᠣᠷᠣᠨ ᠤ ᠪᠠᠷᠠᠭ᠎ᠠ ᠥᠩᠭᠡᠷᠡᠬᠦ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠣᠯᠤᠨ᠎ᠠ᠃ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ ᠵᠢᠶᠠ ᠵᠧᠨ ᠬᠤᠸᠠ᠄ ︽G0616 ᠭᠠᠭᠴᠠᠮᠤᠳᠤ ᠠᠴᠠ ᠬᠠᠯᠢᠭᠤᠲᠤ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠪᠣᠯ ᠭᠠᠭᠴᠠᠮᠤᠳᠤ ᠠᠴᠠ ᠮᠤᠨᠠ ᠠᠭᠤᠯᠠ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠨᠢᠭᠡᠳᠦᠭᠡᠷ ᠬᠤᠭᠤᠴᠠᠭᠠᠨ ᠎ ᠤ ᠪᠠᠷᠢᠯᠭ᠎ᠠ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠠᠮ ᠳᠠᠭᠠᠤ ᠶᠢᠨ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠣᠯᠠᠨ ᠲᠥᠬᠦᠮ ᠦᠵᠡᠭᠦᠯᠵᠦ᠂ ᠭᠠᠭᠴᠠᠮᠤᠳᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠪᠠ ᠬᠢᠯᠢ ᠶᠢᠨ ᠴᠡᠴᠡᠭᠯᠡᠯ ᠬᠥᠭᠵᠢᠯ ᠢ ᠠᠬᠢᠭᠤᠯᠬᠤ ᠪᠠᠷ ᠪᠠᠷᠠᠬᠤ ᠥᠬᠡᠶ᠂ ᠨᠠᠩ ᠴᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠤᠷ ᠤᠨ ᠪᠠᠶᠢᠷᠢᠰᠢᠯ ᠢ ᠲᠡᠭᠦᠯᠳᠡᠷᠵᠢᠭᠦᠯᠬᠦ᠂ ᠬᠢᠯᠢ ᠬᠢᠵᠠᠭᠠᠷ ᠎ ᠤᠨ ᠲᠣᠭᠲᠠᠭᠤᠨ ᠢ ᠬᠠᠮᠠᠭᠠᠯᠠᠬᠤ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠥᠲᠥᠭᠡᠨ ᠪᠠᠶᠢᠭᠤᠯᠬᠤ᠂ ᠪᠠᠷᠠᠭᠤᠨ ᠣᠷᠣᠨ ᠤ ᠡᠬᠡ ᠬᠠᠭᠤᠷᠠᠶ ᠲᠡᠯᠡᠶ ᠶᠢᠨ ᠰᠢᠨ᠎ᠡ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠳᠤ ᠦᠶᠯᠡᠴᠢᠯᠡᠬᠦ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃︾ ᠭᠡᠵᠡᠢ᠃      ᠵᠠᠮ ᠬᠠᠷᠢᠯᠴᠠᠭᠠᠨ ᠤ ᠴᠢᠬᠤᠯᠠ ᠶᠡᠭᠡ ᠪᠠᠷᠢᠯᠭ᠎ᠠ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠮᠵᠢᠶ᠎ᠡ ᠎ ᠶᠢ ᠢᠯᠡᠷᠡᠭᠦᠯᠬᠦ ᠪᠡᠯᠭᠡ ᠲᠡᠮᠳᠡᠭ ᠤᠨ ᠨᠢᠭᠡ ᠪᠣᠯᠬᠤ ᠪᠥᠭᠡᠳ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠥᠲᠥᠯᠥᠨ ᠳᠠᠭᠠᠭᠤᠯᠬᠤ ᠦᠶᠯᠡᠳᠦᠯ ᠲᠠᠢ ᠶᠤᠮ᠃ ᠵᠢᠯ ᠤᠨ ᠡᠴᠦᠰ ᠲᠤ᠂ ᠥᠪᠥᠷ ᠮᠣᠩᠭᠤᠯ ᠤᠨ ᠡᠯ᠎ᠡ ᠭᠤᠣᠯᠳᠠᠯᠭ᠎ᠠ ᠲᠠᠢ ᠪᠠᠷᠢᠯᠭ᠎ᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠠᠶᠢᠨ ᠴᠢᠮᠡᠭᠡ ᠲᠠᠰᠤᠷᠠᠭ᠎ᠠ ᠦᠭᠡᠢ ᠦᠷᠭᠦᠯᠵᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠬᠦ ᠪᠣᠯᠣᠨ᠎ᠠ᠃      12 ᠳ᠋ᠤᠭᠠᠷ ᠰᠠᠷ᠎ᠠ ᠶᠢᠨ 19᠎ ᠤ ᠡᠳᠦᠷ᠂ S43 ᠨᠢᠰᠬᠡᠯ ᠤᠨ ᠪᠠᠭᠤᠳᠠᠯ ᠤᠨ ᠳᠡᠭᠡᠳᠤ ᠬᠤᠷᠳᠤ ᠶᠢᠨ ᠵᠠᠰᠠᠮᠠᠯ ᠵᠠᠮ ᠭᠤᠤᠯ ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠥᠭᠡᠳ ᠠᠵᠢᠯ ᠲᠤᠰᠢᠶᠠᠵᠤ ᠰᠢᠯᠭᠠᠨ ᠠᠪᠬᠤ ᠶᠢ ᠥᠩᠭᠡᠷᠡᠭᠡᠪᠡ᠃ ᠲᠣᠰ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠨᠢ ᠬᠥᠬᠡᠬᠤᠲᠠ ᠪᠤᠭᠤᠲᠤ ᠣᠷᠳᠣᠰ ᠦᠬᠠᠶ ᠶᠢᠨ 2 ᠴᠠᠭ ᠤᠨ ᠵᠠᠰᠠᠮᠠᠯ ᠵᠠᠮ ᠎ ᠤᠨ ᠲᠣᠭᠤᠷᠢᠭ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠨᠡ ᠵᠢᠯ᠂ ᠪᠠᠰᠠ G331 ᠯᠥᠸᠧ ᠭᠦ᠋ ᠾᠧ ᠎ ᠠᠴᠠ ᠡᠩᠬᠡᠬᠠᠳᠠ ᠬᠦᠷᠬᠦ᠂ G207 ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠵᠡᠷᠭᠡ ᠤᠯᠤᠰ ᠮᠤᠵᠢ ᠶᠢᠨ ᠭᠤᠣᠯ ᠱᠤᠭᠤᠮ ᠤᠨ ︽ᠮᠤᠬᠤᠷ ᠵᠠᠮ︾᠎ ᠤᠨ ᠪᠠᠷᠢᠯᠭ᠎ᠠ ᠶᠢ ᠵᠡᠷᠭᠡ ᠪᠠᠷ ᠬᠡᠷᠡᠭᠵᠢᠭᠦᠯᠵᠦ᠂ ᠳᠣᠲᠣᠭᠠᠳᠤ ᠳᠤ ᠪᠠᠨ ᠨᠡᠪᠳᠡᠷᠡᠵᠤ ᠭᠠᠳᠠᠭᠠᠳᠤ ᠲᠠᠢ ᠬᠤᠯᠪᠣᠭᠠᠯᠠᠬᠤ ᠶᠢ ᠪᠡᠶᠡᠯᠡᠭᠦᠯᠬᠦ᠂ ᠵᠠᠮ ᠤᠨ ᠲᠣᠣᠷ ᠤᠨ ᠪᠦᠬᠦᠯᠢ ᠴᠣᠭᠴᠠ ᠶᠢᠨ ᠴᠢᠳᠠᠮᠵᠢ ᠶᠢ ᠪᠠᠳᠠᠷᠠᠭᠤᠯᠬᠤ ᠪᠠ ᠣᠷᠣᠨ ᠪᠦᠰᠡ ᠶᠢᠨ ᠠᠵᠤ ᠠᠬᠤᠢ ᠶᠢ ᠨᠢᠭᠡ ᠴᠤᠬᠴᠠᠵᠢᠭᠤᠯᠤᠨ ᠬᠥᠭᠵᠢᠭᠦᠯᠬᠦ ᠳᠤ ᠲᠤᠶᠢᠯ ᠤᠨ ᠴᠢᠬᠤᠯᠠ ᠦᠢᠯᠡᠳᠦᠯ ᠲᠠᠢ ᠶᠤᠮ᠃
1226-3.jpg
    S43 ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠳᠡᠭᠡᠳᠤ ᠬᠤᠷᠳᠤ ᠶᠢᠨ ᠵᠠᠰᠠᠮᠠᠯ ᠵᠠᠮ     ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ G1817 ᠪᠠᠶᠠᠨᠬᠤᠳᠳᠤᠭ ᠠᠴᠠ ᠪᠠᠶᠠᠨᠬᠤᠲᠠ ᠬᠥᠷᠬᠦ ᠵᠡᠷᠭᠡ 8 ᠤᠯᠤᠰ ᠤᠨ ᠳᠡᠭᠡᠳᠤ ᠬᠤᠷᠳᠤ ᠶᠢᠨ ᠵᠠᠰᠠᠮᠠᠯ ᠵᠠᠮ᠂ ᠣᠷᠣᠨ ᠨᠤᠲᠤᠭ ᠤᠨ ᠳᠡᠭᠡᠳᠤ ᠬᠤᠷᠳᠤ ᠶᠢᠨ ᠵᠠᠰᠠᠮᠠᠯ ᠵᠠᠮ ᠎ ᠤᠨ ᠲᠥᠷᠥᠯ ᠵᠦᠶᠯ᠂ 16 ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠲᠥᠷᠥᠯ ᠵᠦᠶᠯ ᠤᠨ ᠭᠤᠤᠯ ᠴᠣᠭᠴᠠ ᠶᠢ ᠪᠠᠶᠢᠭᠤᠯᠤᠨ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠤ ᠬᠤᠷᠳᠤ ᠶᠢᠨ ᠵᠠᠰᠠᠮᠠᠯ ᠵᠠᠮ ᠢ ᠵᠡᠭᠦᠨᠰᠢ ᠪᠠᠷᠠᠭᠤᠨᠰᠢ ᠨᠡᠪᠲᠡᠷᠡᠬᠦ᠂ ᠠᠶᠢᠮᠠᠭ ᠬᠤᠲᠠ ᠬᠠᠷᠢᠯᠴᠠᠨ ᠨᠡᠪᠲᠡᠷᠡᠬᠦ᠂ ᠭᠤᠤᠯᠳᠠᠯᠭ᠎ᠠ ᠲᠠᠢ ᠪᠣᠭᠤᠮᠲᠠ ᠶᠢᠨ ᠳᠡᠭᠡᠳᠤ ᠬᠤᠷᠳᠤ ᠶᠢᠨ ᠵᠠᠰᠠᠮᠠᠯ ᠵᠠᠮ ᠢ ᠵᠠᠯᠭᠠᠵᠤ ᠨᠡᠪᠲᠡᠷᠡᠭᠦᠯᠬᠦ ᠶᠢ ᠪᠡᠶᠡᠯᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃
1226-4.jpg
    G1817 ᠪᠠᠶᠠᠨᠬᠤᠳᠳᠤᠭ ᠠᠴᠠ ᠪᠠᠶᠠᠨᠬᠤᠲᠠ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ     ᠡᠨᠡ 24 ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠨᠢ ᠬᠥᠬᠡᠬᠤᠲᠠ᠂ ᠣᠷᠳᠣᠰ ᠬᠤᠲᠠ᠂ ᠬᠥᠯᠥᠨ ᠪᠤᠶᠢᠷ ᠬᠤᠲᠠ᠂ ᠲᠦᠩᠯᠢᠶᠣᠤ ᠬᠤᠲᠠ ᠵᠡᠷᠭᠡ 10 ᠠᠶᠢᠮᠠᠭ ᠬᠤᠲᠠ ᠲᠠᠢ ᠬᠤᠯᠪᠣᠭᠳᠠᠨ᠎ᠠ᠃     ︽ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠤᠨ ᠴᠡᠭ ᠣᠯᠠᠨ ᠱᠤᠭᠤᠮ ᠣᠷᠳᠣ ᠬᠡᠪᠴᠢᠶ᠎ᠡ ᠥᠷᠭᠡᠨ᠂ ᠪᠠᠷᠢᠯᠭ᠎ᠠ ᠶᠢᠨ ᠬᠤᠭᠤᠴᠠᠭ᠎ᠠ ᠬᠠᠷᠢᠴᠠᠩᠭᠤᠶ ᠲᠥᠪᠯᠡᠷᠡᠭᠰᠡᠨ ᠵᠡᠷᠭᠡ ᠠᠰᠢᠭ ᠥᠬᠡᠶ ᠬᠦᠴᠦᠨ ᠵᠦᠶᠯ ᠤᠨ ᠡᠮᠦᠨ᠎ᠡ᠂ ᠪᠢᠳᠡ ᠲᠥᠷᠥᠯ ᠵᠦᠶᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠠᠬᠢᠭᠤᠯᠵᠤ᠂ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠵᠠᠪᠳᠤᠨ ᠠᠳᠬᠤᠵᠤ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠶᠢ ᠵᠣᠬᠢᠴᠠᠭᠤᠯᠤᠨ ᠠᠵᠢᠯᠲᠠᠨ ᠮᠠᠰᠢᠨ ᠲᠥᠬᠦᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠦᠨ᠂ ᠴᠠᠭ ᠢ ᠠᠮᠵᠢᠨ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠢ ᠠᠳᠬᠤᠨ ᠠᠮᠤᠷ ᠲᠦᠪᠰᠢᠨ ᠢ ᠪᠠᠲᠤᠯᠠᠨ᠂ ᠭᠤᠤᠯᠳᠠᠯᠭ᠎ᠠ ᠲᠠᠢ ᠲᠥᠷᠥᠯ ᠵᠦᠶᠯ ᠤᠨ ᠤᠷᠤᠭᠰᠢᠲᠠᠶ ᠠᠭᠢᠬᠤ ᠎ ᠶᠢ ᠦᠨᠡᠨ ᠬᠦ ᠪᠠᠲᠤᠯᠠᠵᠤ᠂ ᠵᠠᠮ ᠳᠠᠭᠠᠤ ᠶᠢᠨ ᠣᠯᠠᠨ ᠲᠦᠮᠡᠨ ᠤ ᠠᠮᠤᠷ ᠲᠦᠪᠰᠢᠨ ᠳᠥᠭᠦᠮ ᠳᠥᠲᠡ ᠶᠠᠪᠤᠵᠤ ᠰᠠᠭᠤᠬᠤ ᠳᠤ ᠢᠳᠡᠪᠬᠢᠲᠡᠶ ᠦᠶᠯᠡᠴᠢᠯᠡᠵᠦ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠴᠢᠨᠠᠷ ᠰᠠᠶᠢᠲᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠬᠠᠩᠭᠠᠬᠤ ᠳᠤ ᠬᠦᠴᠦᠨ ᠨᠡᠮᠡᠷᠢᠯᠡᠨ᠎ᠡ᠃︾ ᠭᠡᠵᠦ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠵᠠᠩ ᠶᠣᠣ ᠳ᠋ᠦᠩ ᠲᠠᠨᠢᠯᠴᠠᠭᠤᠯᠪᠠ᠃    
 
ᠢᠷᠡᠯᠲᠡ᠄ ᠠᠷᠠᠳ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号