ᠲᠦᠷᠢᠶᠡᠰᠦᠨ ᠮᠠᠰᠢᠨ ᠲᠡᠷᠭᠡ ᠰᠦᠯᠵᠢᠶ᠎ᠡ ᠪᠠᠷ ᠪᠣᠯᠵᠤᠬᠤ ᠲᠡᠷᠭᠡ᠄ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠠᠶᠠᠨᠴᠢᠳ ᠲᠤ ᠪᠠᠷᠢᠮᠲᠠ ᠬᠠᠩᠭᠠᠬᠤ ᠶᠢ ᠲᠡᠪᠴᠢᠭᠰᠡᠨ ᠪᠠᠶᠢᠳᠠᠯ ᠢ ᠬᠡᠷᠬᠢᠨ ᠰᠢᠢᠳᠪᠦᠷᠢᠯᠡᠬᠦ ᠪᠤᠢ︖
ᠨᠡᠶᠢᠲᠡᠯᠡᠭᠰᠡᠨ ᠴᠠᠭ᠄
2024/12/5
    ︽︿ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ﹀ ᠲᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 15 ᠳ᠋ᠤᠭᠠᠷ ᠲᠣᠭᠠᠲᠤ︶ ᠤᠨ ᠳᠥᠴᠢᠳᠦᠭᠡᠷ ᠵᠦᠢᠯ ᠤᠨ ᠲᠣᠭᠲᠠᠭᠠᠯ ᠳᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠡᠵᠡᠩᠨᠡᠯᠲᠡ ᠶᠢᠨ ᠶᠠᠪᠤᠴᠠ ᠳᠤ᠂ ᠤᠯᠤᠰ ᠤᠨ ᠵᠢᠯᠣᠭᠤᠴᠢ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ᠂ ᠦᠢᠯᠡᠴᠢᠯᠡᠭᠡᠨ ᠤ ᠵᠢᠷᠤᠮᠵᠢᠯ᠂ ᠠᠮᠤᠷ ᠲᠦᠪᠰᠢᠨ ᠢᠶᠠᠷ ᠡᠵᠡᠩᠨᠡᠬᠦ ᠵᠡᠷᠭᠡ ᠲᠠᠯ᠎ᠠ ᠶᠢᠨ ᠬᠢᠷᠢ ᠬᠡᠮ ᠤᠨ ᠲᠣᠭᠲᠠᠭᠠᠯ ᠢ ᠵᠢᠷᠤᠮᠯᠠᠵᠤ᠂ ᠪᠣᠯᠪᠠᠰᠤᠨ ᠢᠶᠠᠷ ᠲᠡᠷᠭᠡ ᠵᠢᠯᠣᠭᠤᠳᠬᠤ᠂ ᠴᠢᠨᠠᠷ ᠰᠠᠶᠢᠲᠠᠶ ᠦᠢᠯᠡᠴᠢᠯᠡᠬᠦ ᠬᠡᠷᠡᠭᠲᠡᠶ ᠭᠡᠵᠦ ᠲᠣᠭᠲᠠᠭᠠᠪᠠ᠃ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠣᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠶ᠄ ᠁ ︵ᠲᠠᠪᠤ︶ ᠲᠣᠭᠲᠠᠭᠠᠯ ᠶᠣᠰᠣᠭᠠᠷ ᠵᠣᠬᠢᠴᠠᠩᠭᠤᠶ ᠲᠡᠷᠭᠡᠨ ᠤ ᠰᠦᠢᠳᠬᠡᠯ ᠤᠨ ᠫᠢᠶᠣᠣ ᠪᠠᠷᠢᠮᠲᠠ ᠥᠭᠬᠦ ᠦᠭᠡᠢ︔ ᠁ . ᠳᠥᠴᠢᠨ ᠬᠤᠶᠠᠳᠤᠭᠠᠷ ᠵᠦᠢᠯ ᠤᠨ ᠲᠣᠭᠲᠠᠭᠠᠯ  ᠤᠨ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠠᠷᠪᠠᠨ ᠵᠢᠷᠭᠤᠳᠤᠭᠠᠷ ᠵᠦᠢᠯ᠂ ᠳᠥᠴᠢᠳᠦᠭᠡᠷ ᠵᠦᠢᠯ ᠤᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号