ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2024 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/1
    2 ᠳ᠋ᠤᠭᠠᠷ ᠰᠠᠷ᠎ᠠ ᠶᠢᠨ 27 ᠤ ᠡᠳᠦᠷ᠂ ᠤᠯᠠᠭᠠᠨᠬᠠᠳᠠ ᠬᠤᠲᠠ ᠶᠢᠨ 2024 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ 2023 ᠣᠨ ᠤ ᠠᠵᠢᠯ ᠢ ᠳ᠋ᠦᠩᠨᠡᠵᠦ᠂ 2024 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃     2024 ᠣᠨ ᠳᠤ᠂ ᠤᠯᠠᠭᠠᠨᠬᠠᠳᠠ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠲᠡᠮᠡᠴᠡᠯ ᠤᠨ ᠬᠠᠷᠠᠯᠲᠠ ᠶᠢᠨ ᠲᠣᠭᠤᠷᠢᠨ ᠳᠤ᠂ ᠳᠥᠷᠪᠡᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠨᠥᠭᠡᠴᠡᠯᠡᠬᠦ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ︽ᠨᠢᠭᠡ ᠪᠦᠯᠦᠭ ᠢ ᠲᠥᠯᠥᠪᠵᠢᠭᠦᠯᠵᠦ᠂ ᠨᠢᠭᠡ ᠪᠦᠯᠦᠭ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠢ ᠨᠥᠭᠡᠴᠡᠯᠡᠬᠦ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠡᠯ᠎ᠡ ᠲᠥᠷᠥᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠪᠣᠲᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠠᠶᠦᠯᠭᠦᠢ ᠦᠢᠯᠡᠳᠪᠦᠷᠢᠯᠡᠯ ᠤᠨ ᠲᠠᠯ᠎ᠠ ᠪᠠᠷ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠭᠲᠣᠬᠠᠨ ᠴᠤ ᠠᠭᠤᠴᠢᠯᠠᠬᠤ ᠦᠭᠡᠢ᠂ ᠪᠦᠬᠦᠨ ᠢ ᠬᠠᠮᠤᠷᠬᠤ ᠡᠷᠡᠰ ᠰᠢᠭᠤᠷᠬᠠᠢ ᠣᠪᠣᠷ ᠢᠶᠠᠷ ᠵᠠᠮ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ᠂ ᠠᠶᠤᠯᠲᠠᠢ ᠪᠣᠳᠠᠰ ᠤᠨ ᠲᠡᠭᠡᠭᠡᠪᠦᠷᠢ᠂ ᠤᠰᠤᠨ ᠳᠡᠭᠡᠷᠡᠬᠢ ᠵᠠᠮ ᠬᠠᠷᠢᠯᠴᠠᠭ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ  ᠠᠳᠬᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠦᠢᠯᠡᠰ ᠤᠨ ᠪᠦᠲᠦᠴᠡ ᠶᠢ ᠠᠬᠢᠭᠤᠯᠬᠤ ᠲᠠᠯ᠎ᠠ ᠪᠠᠷ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠶᠡᠭᠡ ᠪᠠᠷ ᠬᠥᠭᠵᠢᠭᠦᠯᠵᠦ᠂ ᠮᠠᠨ ᠤ ᠬᠤᠲᠠ ᠶᠢᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ᠂ ᠲᠡᠭᠡᠭᠡᠪᠦᠷᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠯᠡᠭᠦᠯᠵᠦ᠂ ᠲᠡᠭᠡᠭᠡᠪᠦᠷᠢ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠴᠢᠬᠤᠯᠠ ᠵᠠᠩᠭᠢᠯᠠᠭ᠎ᠠ ᠶᠢᠨ ᠴᠡᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ  ᠪᠠᠲᠤᠯᠠᠨ᠎ᠠ᠃ ᠠᠵᠢᠯ ᠲᠦᠷᠦᠯ ᠤᠨ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠲᠦ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠤᠳᠠ ᠬᠥᠳᠡᠭᠡ ᠶᠢᠨ ᠴᠠᠬᠢᠯᠭᠠᠨ ᠴᠡᠨᠡᠭᠯᠡᠬᠦ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠶᠢᠨ ᠲᠣᠣᠷ ᠢ ᠲᠦᠷᠭᠡᠪᠴᠢᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡᠨ ᠤ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠪᠣᠬᠢᠷᠲᠤᠯ ᠦᠭᠡᠢ᠂ ᠠᠷᠪᠢᠲᠠᠢ᠂ ᠪᠠᠭᠲᠠᠭᠠᠮᠵᠢᠲᠠᠢ᠂ ᠤᠶᠠᠨ ᠬᠠᠳᠠᠨ ᠴᠢᠨᠠᠷᠲᠠᠢ ᠦᠷᠭᠦᠯᠵᠢᠯᠡᠬᠦ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃     ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠮᠦᠨ᠎ᠡ ᠹᠷᠣᠨᠲ ᠤᠨ ᠠᠵᠢᠯ ᠤᠨ ᠠᠷᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠢᠯ ᠤᠨ ᠳᠤᠮᠳᠠᠬᠢ ᠲᠦᠭᠵᠢᠮᠡᠯ ᠠᠰᠠᠭᠤᠳᠠᠯ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠬᠠᠮᠤᠭ ᠤᠨ ᠰᠠᠶᠢᠨ ᠬᠢᠵᠦ᠂ ᠲᠤᠶᠢᠯ ᠳᠤ ᠨᠢ ᠲᠤᠯᠲᠠᠯ᠎ᠠ ᠬᠢᠬᠦ ᠪᠠᠷ  ᠴᠢᠷᠮᠠᠶᠢᠨ᠎ᠠ᠃ ᠤᠯᠤᠰ ᠲᠥᠷᠥ ᠶᠢᠨ ᠳᠡᠭᠡᠳᠦ ᠬᠡᠮᠵᠢᠶᠡᠨ ᠠᠴᠠ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠲᠠᠨᠢᠵᠤ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠦᠷᠭᠦᠯᠵᠢᠯᠡᠨ ᠴᠢᠷᠮᠠᠶᠢᠵᠤ᠂ ᠥᠨᠢ ᠤᠳᠠᠭᠠᠨ ᠢᠶᠠᠷ ᠴᠢᠷᠮᠠᠶᠢᠵᠤ᠂           ︽ᠤᠯᠤᠰ ᠤᠨ ᠶᠡᠭᠡ ᠶᠠᠪᠤᠳᠠᠯ︾ ᠢ ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠪᠡᠶ᠎ᠡ ᠪᠠᠨ ᠴᠢᠩᠭ᠎ᠠ ᠱᠠᠭᠠᠷᠳᠠᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠤᠨ ᠳᠡᠭᠡᠭᠰᠢᠯᠡᠭᠦᠯᠵᠦ᠂ ᠪᠥᠬᠦ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠰᠢᠨ᠎ᠡ ᠠᠶᠠᠨ ᠵᠠᠮ ᠳᠤ ᠡᠷᠡᠯᠬᠡᠭᠯᠡᠨ ᠣᠷᠣᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃     ᠣᠶᠢᠯᠠᠭᠠᠭᠰᠠᠨ ᠢᠶᠠᠷ᠂ 2023 ᠣᠨ ᠳᠤ᠂ ᠤᠯᠠᠭᠠᠨᠬᠠᠳᠠ ᠬᠤᠲᠠ 51.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠬᠠᠷᠠᠯᠲᠠ ᠡᠭᠦᠷᠭᠡ ᠶᠢᠨ ᠢᠶᠠᠨ 102% ᠢ ᠪᠡᠶᠡᠯᠡᠭᠦᠯᠪᠡ᠃ ᠪᠥᠬᠦ ᠬᠤᠲᠠ ᠶᠢᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢ 21 ᠪᠠᠶᠢᠭᠰᠠᠨ ᠠᠴᠠ 27 ᠪᠣᠯᠭᠠᠨ ᠨᠡᠮᠡᠭᠳᠡᠭᠦᠯᠵᠦ᠂ ︽ᠲᠤᠯᠤᠭᠠᠨ ᠬᠥᠨᠳᠡᠯᠡᠨ ᠲᠤᠯᠤᠭᠠᠨ ᠭᠤᠯᠳᠤ ᠳᠥᠷᠪᠡᠨ ᠬᠤᠯᠪᠣᠭᠠᠲᠤ ᠭᠤᠷᠪᠠᠨ ᠴᠠᠭᠠᠷᠢᠭ︾ ᠤᠨ ᠵᠠᠰᠠᠮᠠᠯ ᠵᠠᠮ ᠤᠨ ᠲᠣᠣᠷ ᠤᠨ ᠭᠤᠣᠯ ᠨᠢᠷᠤᠭᠤᠪᠴᠢ ᠶᠢ ᠠᠯᠬᠤᠮ ᠠᠯᠬᠤᠮ ᠢᠶᠠᠷ ᠪᠠᠶᠢᠭᠤᠯᠪᠠ︔ 573 ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ ᠠᠤᠬᠠᠨ ᠬᠤᠰᠢᠭᠤ ᠪᠠ ᠶᠤᠸᠠᠨ ᠪᠦᠦ ᠱᠠᠨ ᠲᠣᠭᠤᠷᠢᠭ ᠲᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ︔ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠪᠥᠬᠦ ᠬᠤᠲᠠ ᠳᠤ 582 ᠰᠢᠨ᠎ᠡ ᠡᠨᠧᠷᠭᠢ ᠶᠢᠨ ᠴᠠᠭᠳᠠᠨ  ᠶᠠᠪᠤᠬᠤ ᠲᠦᠷᠢᠶᠡᠰᠦᠨ ᠮᠠᠰᠢᠨ ᠲᠡᠷᠭᠡ ᠶᠢ ᠰᠢᠨᠡᠳᠬᠡᠵᠦ᠂ 916 ᠴᠠᠬᠢᠯᠭᠠᠨ ᠴᠡᠨᠡᠭᠯᠡᠬᠦ ᠱᠣᠩ ᠪᠠᠶᠢᠭᠤᠯᠵᠤ᠂ ᠵᠠᠮ ᠲᠡᠭᠡᠭᠡᠪᠦᠷᠢ ᠶᠢᠨ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢᠨ ᠬᠤᠪᠢᠷᠠᠭᠤᠯᠤᠯᠲᠠ ᠶᠢ ᠬᠦᠴᠦᠲᠡᠢ ᠠᠬᠢᠭᠤᠯᠪᠠ᠃ 
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号