ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠪᠠᠳᠠᠢ ᠶᠢᠨ ᠵᠢᠷᠠᠨ ᠠᠵᠢᠯ ᠤᠨ ᠲᠣᠭᠤᠷᠢᠭ ᠴᠠᠰᠤ ᠶᠢ ᠠᠷᠢᠯᠭᠠᠵᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2024/3/4
    ᠠᠯᠠᠱᠠ ᠪᠠᠷᠠᠭᠤᠨ ᠬᠤᠰᠢᠭᠤᠨ ᠤ 2 ᠳ᠋ᠤᠭᠠᠷ ᠰᠠᠷ᠎ᠠ ᠶᠢᠨ 28 ᠤ ᠡᠳᠦᠷ ᠤᠨ ᠣᠷᠤᠢ ᠠᠴᠠ 29 ᠤ ᠡᠳᠦᠷ ᠪᠣᠯᠲᠠᠯ᠎ᠠ ᠴᠠᠰᠤ ᠣᠷᠤᠵᠤ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠪᠠᠳᠠᠢ ᠶᠢᠨ ᠵᠢᠷᠠᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ︽ᠴᠠᠰᠤ︾ ᠪᠠᠷ ᠵᠠᠷᠯᠢᠭ ᠪᠣᠯᠭᠠᠵᠤ᠂ ︽ᠴᠠᠰᠤ︾ ᠶᠢ ᠰᠣᠨᠣᠰᠤᠮᠠᠭᠴᠠ ᠬᠥᠳᠡᠯᠦᠯᠴᠡᠵᠦ᠂ ᠴᠠᠰᠤ ᠶᠢ ᠠᠷᠢᠯᠭᠠᠵᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠳᠠᠷᠤᠶ ᠲᠦᠷᠭᠡᠨ ᠡᠬᠢᠯᠡᠭᠦᠯᠵᠦ᠂ ᠬᠤᠰᠢᠭᠤᠨ ᠤ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠢᠳᠡᠪᠬᠢᠲᠡᠶ ᠬᠤᠯᠪᠣᠭᠠᠯᠠᠨ ᠬᠥᠳᠡᠯᠦᠯᠴᠡᠵᠦ᠂ ᠬᠥᠮᠦᠨ ᠪᠠ ᠮᠠᠰᠢᠨ ᠮᠧᠬᠠᠨᠢᠭ ᠢᠶᠠᠨ ᠵᠣᠬᠢᠶᠠᠨ ᠪᠠᠶᠢᠭᠤᠯᠵᠤ᠂ ︽ᠬᠥᠮᠦᠨ ᠵᠣᠭᠰᠠᠭᠰᠠᠨ ᠴᠤ ᠮᠠᠰᠢᠨ ᠵᠣᠭᠰᠤᠬᠤ ᠦᠭᠡᠢ︾ ᠵᠠᠯᠭᠠᠭ᠎ᠠ ᠪᠠᠷ ᠠᠵᠢᠯᠯᠠᠬᠤ ᠠᠷᠭ᠎ᠠ ᠬᠡᠯᠪᠡᠷᠢ ᠶᠢ ᠠᠪᠴᠤ᠂ ᠬᠠᠮᠢᠶᠠᠷᠴᠤ ᠠᠷᠠᠴᠢᠯᠠᠬᠤ G307 ᠱᠤᠭᠤᠮ᠂ S228 ᠱᠤᠭᠤᠮ ᠵᠡᠷᠭᠡ ᠴᠠᠰᠤ ᠤᠷᠤᠭᠰᠠᠨ ᠵᠠᠮ ᠤᠨ ᠬᠡᠰᠡᠭ ᠲᠤ ᠴᠠᠰᠤ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃
W020240301338877823465.jpg
    ᠲᠣᠰ ᠤᠳᠠᠭᠠᠨ ᠤ ᠴᠠᠰᠤ ᠤᠷᠤᠭᠰᠠᠨ ᠬᠡᠮᠵᠢᠶ᠎ᠡ ᠶᠡᠭᠡ᠂ ᠠᠵᠤ ᠦᠢᠯᠡᠳᠪᠦᠷᠢ ᠶᠢᠨ ᠲᠣᠭᠤᠷᠢᠭ ᠤᠨ ᠬᠠᠮᠢᠶᠠᠷᠴᠤ ᠠᠷᠠᠴᠢᠯᠠᠬᠤ ᠵᠠᠮ ᠤᠨ ᠬᠡᠰᠡᠭ ᠤᠨ ᠬᠤᠷᠠᠭᠰᠠᠨ ᠴᠠᠰᠤᠨ ᠤ ᠵᠠᠮ ᠤᠨ ᠬᠡᠰᠡᠭ ᠨᠡᠯᠢᠶᠡᠳ ᠤᠷᠲᠤ᠂ ᠠᠬ᠎ᠠ ᠳᠡᠭᠦᠦ ᠨᠢᠭᠡᠴᠢ ᠵᠡᠭᠦᠨ ᠪᠡᠯ ᠠᠵᠢᠯ ᠤᠨ ᠲᠣᠭᠤᠷᠢᠭ ᠴᠠᠰᠤ ᠠᠷᠢᠯᠭᠠᠬᠤ ᠮᠠᠰᠢᠨ 1 ᠰᠠᠤᠷᠢ᠂ 3 ᠠᠵᠢᠯᠲᠠᠨ ᠢ ᠦᠳᠲᠡᠷ ᠲᠦᠷᠭᠡᠨ ᠨᠡᠮᠡᠨ ᠲᠤᠰᠠᠯᠠᠵᠤ᠂ ᠠᠵᠢᠯ ᠤᠨ ᠲᠣᠭᠤᠷᠢᠭ ᠢ ᠬᠠᠮᠵᠢᠨ G307 ᠱᠤᠭᠤᠮ᠂ S228 ᠱᠤᠭᠤᠮ ᠤᠨ ᠴᠠᠰᠤ ᠠᠷᠢᠯᠭᠠᠬᠤ ᠠᠵᠢᠯ ᠢ ᠥᠷᠨᠢᠭᠦᠯᠪᠡ᠃ ᠪᠠᠳᠠᠢ ᠶᠢᠨ ᠵᠢᠷᠠᠨ ᠤ ᠠᠵᠢᠯ ᠤᠨ ᠲᠣᠭᠤᠷᠢᠭ ᠬᠠᠮᠢᠶᠠᠷᠴᠤ ᠠᠷᠠᠴᠢᠯᠠᠬᠤ ᠵᠠᠮ ᠤᠨ ᠬᠡᠰᠡᠭ ᠲᠤ ︽ᠮᠠᠰᠢᠨ ᠢᠶᠠᠷ ᠴᠠᠰᠤ ᠠᠷᠢᠯᠭᠠᠬᠤ ᠪᠠᠷ ᠭᠤᠣᠯ ᠪᠣᠯᠭᠠᠵᠤ᠂ ᠴᠠᠰᠤ ᠬᠠᠶᠢᠯᠠᠭᠤᠯᠬᠤ ᠡᠳ᠋ ᠰᠠᠴᠤᠬᠤ ᠪᠠᠷ ᠬᠠᠪᠰᠤᠷᠤᠮᠵᠢ ᠪᠣᠯᠭᠠᠬᠤ︾ ᠠᠷᠭ᠎ᠠ ᠬᠡᠯᠪᠡᠷᠢ ᠪᠠᠷ ᠴᠠᠰᠤ ᠮᠥᠰᠥ ᠶᠢ ᠪᠦᠬᠦ ᠲᠠᠯ᠎ᠠ ᠪᠠᠷ ᠠᠷᠢᠯᠭᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠦᠵᠡᠭᠦᠯᠬᠦ ᠴᠠᠰᠤᠨ ᠤ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃
W020240301338877860272.jpg
    ᠠᠵᠢᠯ ᠤᠨ ᠲᠣᠭᠤᠷᠢᠭ ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠡᠭᠡᠯᠵᠢᠯᠡᠨ ᠠᠵᠢᠯᠯᠠᠵᠤ᠂ ᠦᠷᠭᠦᠯᠵᠢᠯᠡᠨ ᠡᠷᠡᠯᠬᠡᠭᠯᠡᠨ ᠪᠠᠶᠢᠯᠳᠤᠬᠤ ᠪᠠᠷ ᠳᠡᠮᠵᠢᠨ᠂ ᠣᠳᠤᠬᠠᠨ ᠪᠣᠯᠲᠠᠯ᠎ᠠ᠂ ᠴᠠᠰᠤ ᠠᠷᠢᠯᠭᠠᠬᠤ ᠲᠥᠬᠦᠭᠡᠷᠦᠮᠵᠢ ᠶᠢ ᠨᠡᠶᠢᠲᠡ 10 ᠰᠠᠤᠷᠢ ᠤᠳᠠᠭ᠎ᠠ᠂ ᠠᠵᠢᠯᠲᠠᠨ ᠢ 33 ᠬᠥᠮᠦᠨ ᠤᠳᠠᠭ᠎ᠠ᠂ ᠭᠤᠯᠭᠤᠬᠤ ᠠᠴᠠ ᠰᠡᠷᠭᠡᠶᠢᠯᠡᠬᠦ ᠮᠠᠲ᠋ᠧᠷᠢᠶᠠᠯ ᠢ 40 ᠪᠣᠰᠤᠭ᠎ᠠ ᠳᠥᠷᠪᠡᠯᠵᠢᠨ ᠮᠧᠲᠷ᠂ ᠴᠠᠰᠤ ᠬᠠᠶᠢᠯᠠᠭᠤᠯᠬᠤ ᠡᠳ᠋ ᠢ 6 ᠲᠣᠨ ᠣᠷᠣᠭᠤᠯᠵᠤ᠂ ᠵᠠᠮ ᠳᠡᠭᠡᠷᠡᠬᠢ ᠬᠤᠷᠠᠭᠰᠠᠨ ᠴᠠᠰᠤ ᠶᠢ 10500 ᠪᠣᠰᠤᠭ᠎ᠠ ᠳᠥᠷᠪᠡᠯᠵᠢᠨ ᠮᠧᠲᠷ ᠴᠡᠪᠡᠷᠯᠡᠵᠦ᠂ ᠴᠠᠰᠤ ᠠᠷᠢᠯᠭᠠᠬᠤ ᠠᠵᠢᠯ ᠢ ᠶᠠᠭ ᠡᠮᠬᠢ ᠵᠢᠷᠤᠮ ᠲᠠᠢ ᠶᠠᠪᠤᠭᠳᠠᠭᠤᠯᠵᠤ ᠪᠠᠶᠢᠨ᠎ᠠ᠃ ᠪᠠᠳᠠᠢ ᠶᠢᠨ ᠵᠢᠷᠠᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠤᠨ ᠬᠢᠨ ᠲᠣᠰ ᠡᠭᠡᠯᠵᠢ ᠶᠢᠨ ᠴᠠᠰᠤ ᠣᠷᠣᠬᠤ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠣᠯᠠᠨ ᠤ ᠠᠮᠤᠷ ᠲᠦᠪᠰᠢᠨ᠂ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠳᠤ ᠰᠠᠶᠢᠨ ᠰᠠᠶᠢᠬᠠᠨ ᠲᠡᠷᠭᠡ ᠶᠠᠪᠤᠭᠤᠯᠬᠤ ᠣᠷᠴᠢᠨ ᠲᠣᠭᠤᠷᠢᠨ ᠢ ᠬᠠᠩᠭᠠᠬᠤ ᠪᠣᠯᠤᠨ᠎ᠠ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号