ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 2024 ᠣᠨ ᠤ ᠴᠠᠯᠢᠩ ᠥᠷᠢᠲᠦᠬᠦ ᠶᠢ ᠦᠨᠳᠦᠰᠦᠨ  ᠠᠴᠠ ᠨᠢ ᠵᠠᠰᠠᠬᠤ ᠲᠤᠰᠬᠠᠶ ᠵᠠᠰᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/4
    ᠣᠶᠢᠷ᠎ᠠ ᠳᠤ᠂ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ 2024 ᠣᠨ ᠤ ᠴᠠᠯᠢᠩ ᠥᠷᠢᠲᠦᠬᠦ ᠶᠢ ᠦᠨᠳᠦᠰᠦᠨ  ᠠᠴᠠ ᠨᠢ ᠵᠠᠰᠠᠬᠤ ᠲᠤᠰᠬᠠᠶ ᠵᠠᠰᠠᠯᠲᠠ ᠶᠢᠨ ᠠᠵᠢᠯ ᠤᠨ ᠲᠥᠰᠦᠯ︾ ᠢ ᠲᠣᠭᠲᠠᠭᠠᠵᠤ᠂ ᠡᠬᠢ ᠡᠭᠦᠰᠦᠯ ᠠᠴᠠ ᠨᠢ ᠵᠠᠰᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷ᠊ᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ᠂ ᠥᠩᠭᠡᠨ ᠲᠠᠯ᠎ᠠ ᠪᠠ ᠦᠨᠳᠦᠰᠦ ᠶᠢ ᠨᠢ ᠵᠡᠷᠭᠡ ᠪᠠᠷ ᠵᠠᠰᠠᠬᠤ ᠱᠠᠭᠠᠷᠳᠠᠯᠭ᠎ᠠ ᠶᠤᠰᠤ ᠪᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠨᠳᠤᠯᠭᠠᠲᠤ ᠴᠢᠨᠠᠷᠲᠠᠶ ᠪᠠᠷ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ᠲᠠᠪᠤᠨ ᠵᠦᠶᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ︽ᠥᠷᠢᠲᠦᠬᠦ ᠶᠢ ᠵᠠᠰᠠᠬᠤ︾ ᠠᠴᠠ ︽ᠥᠷᠢᠲᠦᠬᠦ ᠶᠢ ᠰᠡᠷᠭᠡᠶᠢᠯᠡᠬᠦ︾ ᠲᠡᠶᠢᠰᠢ ᠬᠤᠪᠢᠷᠠᠭᠤᠯᠬᠤ ᠶᠢ ᠪᠥᠬᠦ ᠬᠦᠴᠦᠨ  ᠢᠶᠠᠷ ᠠᠬᠢᠭᠤᠯᠤᠨ᠎ᠠ᠃     ᠨᠢᠭᠡ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃    ᠡᠯ᠎ᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠮᠳᠠᠭᠤᠯᠵᠤ ᠪᠠᠶᠢᠭᠠᠳ ᠪᠠᠷᠢᠮᠵᠢᠶ᠎ᠠ ᠶᠤᠰᠤ ᠪᠠᠷ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠵᠣᠭᠤᠰ ᠢ ᠥᠭᠬᠦ ᠳᠠᠭᠠᠭᠠᠯᠲᠠ ᠶᠢᠨ ᠳᠦᠷᠢᠮ᠂ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠤᠨ ᠪᠠᠩᠬᠢ ᠣᠷᠣᠯᠠᠨ ᠣᠯᠭᠤᠬᠤ ᠳᠦᠷᠢᠮ᠂ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠳᠦᠷᠢᠮ ᠤᠨ ᠬᠤᠭᠤᠷᠣᠨᠳᠣ ᠪᠠᠨ ᠵᠣᠯᠭᠠᠭᠤᠯᠤᠨ ᠲᠥᠬᠦᠷᠵᠢᠭᠦᠯᠬᠦ᠂ ᠳᠦᠷᠢᠮ ᠤᠨ ᠪᠢᠲᠡᠭᠦᠦ ᠴᠠᠭᠠᠷᠢᠭ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃     ᠬᠤᠶᠠᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ᠃     ᠲᠥᠷᠥᠯ ᠵᠦᠢᠯ ᠤᠨ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠪᠠᠷᠢᠯᠭ᠎ᠠ ᠪᠠᠷᠢᠬᠤ ᠠᠵᠤ ᠠᠬᠤᠶᠢᠯᠠᠯ ᠳᠤ ᠢᠲᠡᠭᠡᠮᠵᠢ ᠶᠢᠨ ᠦᠨᠡᠯᠡᠯᠲᠡ ᠶᠢᠨ ᠲᠡᠮᠳᠡᠭᠯᠡᠯ ᠬᠢᠬᠦ ᠶᠢ ᠬᠡᠷᠡᠭᠵᠢᠭᠦᠯᠦᠨ᠎ᠡ᠃     ᠭᠤᠷᠪᠠ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠮᠡᠳᠡᠭᠡ ᠵᠠᠩᠭᠢᠴᠢᠯᠠᠯᠲᠠ ᠶᠢᠨ ᠠᠵᠢᠯ ᠢ ᠲᠦᠷᠭᠡᠳᠬᠡᠨ ᠠᠬᠢᠭᠤᠯᠤᠨ᠎ᠠ᠃     ᠪᠠᠶᠢᠭᠤᠯᠵᠤ ᠪᠠᠶᠢᠭ᠎ᠠ ᠲᠥᠷᠥᠯ ᠵᠦᠶᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠪᠥᠲᠥᠭᠡᠨ ᠪᠠᠶᠢᠭᠤᠯᠬᠤ ᠳᠤ ᠣᠷᠣᠯᠴᠠᠭᠰᠠᠨ ᠨᠢᠭᠡᠴᠢ᠂ ᠲᠤᠰᠬᠠᠶ ᠬᠡᠷᠡᠭᠯᠡᠬᠦ ᠲᠠᠩᠰᠠᠨ ᠡᠷᠦᠬᠡ ᠵᠡᠷᠭᠡ ᠮᠡᠳᠡᠭᠡ ᠵᠠᠩᠭᠢ  ᠶᠢ ᠴᠠᠭ ᠲᠤᠬᠠᠢ ᠳᠤ ᠨᠢ ᠲᠠᠭᠯᠠᠬᠤ ᠶᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶ᠎ᠠ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠢᠶᠳᠪᠦᠷᠢᠯᠡᠵᠦ᠂ ᠴᠠᠯᠢᠩ ᠥᠷᠢᠲᠦᠬᠦ ᠲᠦᠭᠰᠢᠭᠦᠷᠢ ᠶᠢᠨ ᠬᠡᠮ ᠰᠣᠭᠤᠭ ᠢ ᠡᠭᠦᠰᠬᠦ ᠠᠴᠠ ᠡᠮᠦᠨ᠎ᠡ ᠦᠨᠡᠨ ᠬᠦ ᠠᠷᠢᠯᠭᠠᠨ᠎ᠠ᠃     ᠳᠦᠷᠪᠡ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠬᠦ ᠠᠵᠢᠯ ᠢ ᠵᠣᠬᠢᠶᠠᠨ ᠪᠠᠶᠢᠭᠤᠯᠤᠨ᠎ᠠ᠃     ᠬᠠᠷᠢᠶ᠎ᠠ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ︽ᠬᠤᠶᠠᠷ ᠰᠠᠭᠤᠭ᠎ᠠ ᠬᠤᠶᠠᠷ ᠢ ᠪᠠᠶᠢᠴᠠᠭᠠᠬᠤ︾ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠷᠢᠯᠭ᠎ᠠ ᠶᠢᠨ ᠵᠣᠭᠤᠰ ᠢ ᠥᠭᠬᠦ ᠪᠠᠲᠤᠯᠠᠭ᠎ᠠ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ  ᠤᠨ ᠴᠠᠯᠢᠩ ᠢ ᠥᠭᠬᠦ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃     ᠲᠠᠪᠤ᠂  ᠵᠢᠭᠰᠠᠭᠠᠨ ᠪᠠᠶᠢᠴᠠᠭᠠᠵᠤ ᠲᠣᠬᠢᠷᠠᠭᠤᠯᠬᠤ ᠶᠢ ᠲᠡᠭᠦᠯᠳᠡᠷᠵᠢᠭᠦᠯᠦᠨ᠎ᠡ᠃     ᠪᠠᠶᠢᠭᠤᠯᠵᠤ ᠪᠠᠶᠢᠭ᠎ᠠ ᠲᠥᠷᠥᠯ ᠵᠦᠶᠯ ᠢ ᠰᠠᠷ᠎ᠠ ᠪᠠᠷ ᠲᠣᠬᠢᠷᠠᠭᠤᠯᠬᠤ ᠶᠢᠨ ᠬᠠᠮᠲᠤ᠂ ᠲᠤᠰᠬᠠᠶ ᠵᠠᠰᠠᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠦᠵᠡᠵᠦ ᠪᠠᠶᠢᠭᠠᠳ᠂ ︽ᠳᠥᠷᠪᠡᠨ ᠥᠬᠡᠶ ᠬᠤᠶᠠᠷ ᠰᠢᠭᠤᠳ︾ ᠰᠤᠭᠤᠴᠢᠨ ᠪᠠᠶᠢᠴᠠᠭᠠᠬᠤ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠢ ᠰᠢᠮᠳᠠᠭᠤᠯᠤᠨ ᠪᠠᠶᠢᠴᠠᠭᠠᠬᠤ ᠵᠡᠷᠭᠡ ᠪᠤᠰᠤᠳ ᠲᠤᠰᠬᠠᠶ ᠠᠵᠢᠯ ᠲᠠᠢ ᠤᠶᠠᠯᠳᠤᠭᠤᠯᠤᠨ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠰᠤᠭᠤᠴᠢᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ᠂ 2024 ᠣᠨ ᠤ ᠪᠣᠯᠪᠠᠰᠤᠷᠠᠯ ᠤᠨ ᠡᠭᠦᠷᠭᠡ  ᠲᠠᠢ ᠤᠶᠠᠯᠳᠤᠭᠤᠯᠤᠨ ᠲᠤᠰᠬᠠᠶ ᠮᠡᠷᠭᠡᠵᠢᠯ ᠤᠨ ᠠᠵᠢᠯᠲᠠᠨ ᠳᠤ ᠬᠢᠨᠠᠯᠲᠠ ᠬᠠᠮᠢᠶᠠᠷᠤᠯᠲᠠ ᠶᠢᠨ ᠮᠡᠳᠡᠯᠭᠡ ᠶᠢᠨ ᠪᠣᠯᠪᠠᠰᠤᠷᠠᠯ ᠥᠷᠨᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号