ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠯᠡᠬᠦ ᠳᠤ ᠨᠡᠶᠢᠴᠡᠬᠦ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠤᠨ ᠨᠠᠷᠢᠨ ᠳᠠᠩᠰᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/3/7
    2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ︽ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠯᠡᠨ ᠳᠥᠯᠭᠢᠨ ᠠᠬᠢᠭᠤᠯᠬᠤ ᠳᠤ ᠨᠡᠶᠢᠴᠡᠬᠦ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠤᠨ ᠨᠠᠷᠢᠨ ᠳᠠᠩᠰᠠ︾ ᠶᠢᠨ ᠠᠯᠪᠠᠨ ᠵᠠᠷ ᠢ ᠨᠡᠶᠢᠲᠡᠯᠡᠪᠡ᠃      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠦᠯᠬᠢᠨ ᠠᠬᠢᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠶᠢᠨ ᠲᠥᠯᠥᠭᠡ᠂ ᠡᠳᠦᠭᠡ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢᠨ ᠵᠠᠭᠪᠤᠷ ᠢᠶᠠᠷ ᠳᠥᠯᠭᠢᠨ ᠠᠬᠢᠭᠤᠯᠬᠤ ᠳᠤ ᠨᠡᠶᠢᠴᠡᠬᠦ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠢ ᠨᠡᠶᠢᠲᠡᠯᠡᠪᠡ᠂ ᠡᠯ᠎ᠡ ᠲᠠᠯ᠎ᠠ ᠶᠢᠨ ᠨᠡᠶᠢᠭᠡᠮ ᠤᠨ ᠬᠥᠷᠥᠩᠭᠡ ᠶᠢᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠣᠰ ᠭᠠᠵᠠᠷ ᠣᠷᠣᠨ ᠤ ᠪᠠᠨ ᠲᠥᠷᠥᠯ ᠵᠦᠶᠯ ᠢ ᠪᠣᠳᠠᠲᠠᠶ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠮᠠᠨ ᠤ ᠲᠢᠩᠬᠢᠮ ᠲᠥᠷᠥᠯ ᠵᠦᠶᠯ ᠢ ᠵᠣᠬᠢᠴᠠᠭᠤᠯᠤᠨ ᠠᠬᠢᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠬᠦ ᠪᠣᠯᠤᠨ᠎ᠠ᠃ ᠡᠯ᠎ᠡ ᠲᠥᠷᠥᠯ ᠵᠦᠶᠯ ᠤᠨ ᠪᠣᠳᠠᠲᠠᠶ ᠪᠠᠶᠢᠳᠠᠯ ᠪᠤᠶᠤ ᠵᠣᠯᠭᠠᠭᠤᠯᠬᠤ ᠬᠠᠮᠢᠶ᠎ᠠ ᠪᠥᠬᠦᠶ ᠤᠴᠢᠷ ᠶᠠᠪᠤᠳᠠᠯ ᠢ ᠯᠠᠪᠯᠠᠬᠤ ᠰᠠᠨᠠᠭ᠎ᠠ ᠲᠠᠢ ᠪᠣᠯ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠢᠭᠤᠳ ᠬᠠᠷᠢᠯᠴᠠᠭᠠᠷᠠᠶ ︵ᠲᠥᠷᠥᠯ ᠵᠦᠶᠯ ᠤᠨ ᠪᠠᠶᠢᠳᠠᠯ ᠵᠢᠴᠢ ᠬᠠᠷᠢᠯᠴᠠᠬᠤ ᠠᠷᠭ᠎ᠠ ᠮᠠᠶ᠋ᠢᠭ ᠢ ᠳᠠᠭᠠᠯᠳᠤᠭᠤᠯᠤᠯ  ᠳᠤ ᠦᠵᠡᠭᠡᠷᠡᠶ︶᠃      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠷᠢᠯᠴᠠᠬᠤ ᠬᠥᠮᠦᠨ᠄      ᠯᠢ ᠫᠧᠩ᠂ 0471 - 6936992      ᠴᠢᠶᠣᠤ ᠸᠧᠨ ᠲᠢᠩ᠂ ᠮᠠ ᠮᠢᠩ ᠬᠦ᠋᠂ 0471 - 6261831         ᠳᠠᠭᠠᠯᠳᠤᠭᠤᠯᠤᠯ᠄ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠯᠡᠨ ᠳᠥᠯᠭᠢᠨ ᠠᠬᠢᠭᠤᠯᠬᠤ ᠳᠤ ᠨᠡᠶᠢᠴᠡᠬᠦ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠤᠨ ᠨᠠᠷᠢᠨ ᠳᠠᠩᠰᠠ                      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                  2024ᠣᠨ ᠤ 2 ᠳ᠋ᠤᠭᠠᠷ ᠰᠠᠷ᠎ᠠ ᠶᠢᠨ 26 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号