ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠰᠣᠳᠤᠯᠭᠠᠨ ᠤ ᠬᠦᠷᠢᠶᠡᠯᠡᠩ
ᠨᠡᠶᠢᠲᠡᠯᠡᠭᠰᠡᠨ ᠴᠠᠭ᠄
2024/3/7
     1. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠠᠵᠢᠯ ᠢ ᠥᠷᠨᠢᠭᠦᠯᠦᠨ᠎ᠡ︔     2. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠬᠥᠭᠵᠢᠯᠲᠡ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠴᠢᠬᠤᠯᠠ ᠶᠡᠭᠡ ᠢᠨᠵᠧᠨᠧᠷᠢᠩ ᠪᠠ ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠥᠷᠨᠢᠭᠦᠯᠦᠨ᠎ᠡ᠃     3. ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠣᠶᠤᠨᠴᠢ ᠵᠠᠮ ᠬᠠᠷᠢᠯᠴᠠᠭ᠎ᠠ᠂ ᠪᠣᠬᠢᠷᠳᠤᠯ ᠦᠭᠡᠢ ᠵᠠᠮ ᠬᠠᠷᠢᠯᠴᠠᠭ᠎ᠠ᠂ ᠠᠮᠤᠷ ᠠᠮᠤᠭᠤᠯᠠᠩ ᠵᠠᠮ ᠬᠠᠷᠢᠯᠴᠠᠭᠠᠨ ᠤ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠠᠵᠤ ᠠᠬᠤᠢ ᠬᠢᠭᠡᠳ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ᠃ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠰᠦᠯᠵᠢᠶ᠎ᠡ᠂ ᠲᠡᠭᠡᠭᠡᠪᠦᠷᠢ ᠶᠢᠨ ᠵᠠᠩᠭᠢᠯᠠᠭ᠎ᠠ᠂ ᠲᠡᠭᠡᠭᠡᠪᠦᠷᠢ ᠶᠢᠨ ᠨᠡᠪᠲᠡᠷᠡᠬᠦ ᠵᠠᠮ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠠᠶᠢᠷᠢᠯᠠᠭᠤᠯᠤᠯᠲᠠ᠂ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ᠂ ᠡᠯ᠎ᠡ ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠢ ᠣᠷᠭᠠᠨᠢᠭ ᠢᠶᠠᠷ ᠵᠣᠯᠭᠠᠭᠤᠯᠬᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠵᠡᠷᠭᠡ ᠶᠢᠨ ᠳᠦᠷᠢᠮ᠂ ᠪᠠᠷᠢᠮᠵᠢᠶ᠎ᠠ᠂ ᠵᠢᠷᠤᠮᠵᠢᠯ᠂ ᠮᠡᠷᠭᠡᠵᠢᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ᠃     4. ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠡᠷᠡᠭᠯᠡᠭᠡᠨ ᠤ ᠰᠠᠭᠤᠷᠢ᠂ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠢ ᠮᠡᠷᠭᠡᠵᠢᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ᠂ ᠦᠷ᠎ᠡ ᠪᠦᠲᠦᠭᠡᠯ ᠤᠨ ᠳᠡᠯᠭᠡᠷᠡᠭᠦᠯᠦᠯᠲᠡ᠂ ᠪᠠᠷᠢᠮᠵᠢᠶᠠᠵᠢᠭᠤᠯᠤᠯᠲᠠ ᠪᠠ ᠴᠢᠳᠠᠪᠤᠷᠢᠲᠠᠨ ᠤ ᠨᠡᠭᠡᠭᠡᠯᠲᠡ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ︔ ︽ᠥᠪᠥᠷ ᠮᠣᠩᠭᠤᠯ ᠤᠨ ᠵᠠᠰᠠᠮᠠᠯ ᠵᠠᠮ ᠬᠢᠭᠡᠳ ᠲᠡᠭᠡᠭᠡᠪᠦᠷᠢ︾ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠭᠤᠴᠠᠭᠠᠲᠤ ᠰᠡᠳᠬᠦᠯ ᠤᠨ ᠬᠡᠪᠯᠡᠯ ᠤᠨ ᠠᠵᠢᠯ ᠢ ᠡᠭᠦᠷᠭᠡᠯᠡᠨ᠎ᠡ᠃     5. ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠲᠤᠰᠢᠶᠠᠵᠤ ᠳᠠᠭᠤᠰᠤᠭᠰᠠᠨ ᠪᠠᠷᠢᠯᠭ᠎ᠠ ᠶᠢ ᠰᠢᠯᠭᠠᠨ ᠬᠤᠷᠢᠶᠠᠵᠤ ᠪᠠᠶᠢᠴᠠᠭᠠᠨ ᠬᠡᠮᠵᠢᠬᠦ᠂ ᠰᠢᠯᠭᠠᠨ ᠪᠠᠲᠤᠯᠠᠬᠤ ᠴᠢᠨᠠᠷᠲᠠᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠦᠨ᠎ᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠬᠦ ᠠᠵᠢᠯ᠂ ᠪᠠᠷᠢᠯᠭ᠎ᠠ ᠶᠢᠨ ᠲᠥᠬᠦᠭᠡᠷᠦᠮᠵᠢ ᠶᠢᠨ ᠬᠡᠮᠵᠢᠯᠲᠡ ᠶᠢ ᠰᠢᠯᠭᠠᠨ ᠲᠣᠭᠲᠠᠭᠠᠵᠤ ᠬᠠᠷᠭᠤᠭᠤᠯᠬᠤ ᠠᠵᠢᠯ ᠢ ᠡᠭᠦᠷᠭᠡᠯᠡᠵᠦ᠂ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠬᠢᠨᠠᠨ ᠲᠣᠭᠲᠠᠭᠠᠬᠤ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠬᠡᠷ᠂ ᠡᠳ᠋ ᠤᠨ ᠶᠠᠪᠤᠳᠠᠯ ᠤᠨ ᠰᠠᠯᠠᠭ᠎ᠠ᠂ ᠵᠠᠮ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠶᠢᠨ ᠰᠤᠳᠤᠯᠭᠠᠨ ᠤ ᠲᠥᠪ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠤᠶᠤᠨᠲᠤ ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠲᠤᠤᠷ᠎ᠠ ᠨᠡᠭᠦᠷᠡᠰᠦᠲᠥ᠋ᠷᠥᠭᠴᠢᠲᠤ ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠲᠥᠪ᠂ ᠢᠨᠵᠧᠨᠧᠷᠢᠩ ᠤᠨ ᠲᠥᠬᠦᠭᠡᠷᠦᠮᠵᠢ ᠶᠢᠨ ᠬᠡᠮᠵᠢᠯᠲᠡ ᠶᠢᠨ ᠲᠥᠪ᠃            ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠷᠢᠮ ᠵᠠᠮ ᠬᠢᠭᠡᠳ ᠬᠤᠶᠢᠲᠤ ᠬᠤᠶᠠᠳᠤᠭᠠᠷ ᠲᠣᠭᠤᠷᠢᠯ ᠵᠠᠮ ᠤᠨ ᠠᠭᠤᠯᠵᠠᠷ ᠤᠨ ᠡᠮᠦᠨ᠎ᠡ 300 ᠮᠧᠲᠷ ᠤᠨ ᠪᠠᠷᠠᠭᠤᠨ ᠭᠤᠳᠤᠮᠵᠢ ᠶᠢᠨ ᠳᠣᠲᠣᠷ᠎ᠠ       ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂     14᠄ 30 —  17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ      ᠬᠠᠷᠢᠭᠤᠴᠠᠯᠭᠠᠲᠠᠨ᠄ ᠵᠠᠩ ᠬᠤᠩ ᠸᠧᠢ  
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号