︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠤᠶ᠎ᠠ — ᠪᠥᠬᠦ ᠣᠷᠣᠨ ᠤ 24 ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2024/4/15
    4 ᠳ᠋ᠦ᠋ᠭᠡᠷ ᠰᠠᠷ᠎ᠠ ᠶᠢᠨ 7᠎ ᠤ ᠡᠳᠦᠷ᠂ 110 ᠤᠯᠤᠰ ᠤᠨ ᠵᠠᠮ ᠤᠨ ᠳ᠋ᠧᠩᠺᠸᠦ ᠶᠢᠨ ᠬᠠᠲᠤᠨ ᠭᠤᠤᠯ ᠤᠨ ᠶᠡᠭᠡ ᠬᠥᠭᠦᠷᠭᠡ ᠶᠢᠨ ᠲᠥᠷᠥᠯ ᠵᠦᠢᠯ ᠤᠨ ᠭᠤᠤᠯ ᠬᠥᠭᠦᠷᠭᠡ ᠶᠢᠨ 38# ᠲᠤᠯᠭᠠᠭᠤᠷ ᠤᠨ ᠠᠩᠬᠠᠨ ᠤ ᠪᠣᠯᠣᠳ ᠬᠠᠪᠲᠠᠰᠤᠨ ᠪᠤᠯᠠᠭᠠᠷᠢ ᠶᠢ ᠠᠮᠵᠢᠯᠲᠠ ᠲᠠᠢ ᠪᠠᠷ ᠪᠣᠰᠬᠠᠪᠠ᠃
1.jpg
    110 ᠤᠯᠤᠰ ᠤᠨ ᠵᠠᠮ ᠤᠨ ᠳ᠋ᠧᠩᠺᠸᠦ ᠶᠢᠨ ᠬᠠᠲᠤᠨ ᠭᠤᠤᠯ ᠤᠨ ᠶᠡᠭᠡ ᠬᠥᠭᠦᠷᠭᠡ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ    4 ᠳ᠋ᠦ᠋ᠭᠡᠷ ᠰᠠᠷ᠎ᠠ ᠶᠢᠨ 9᠎ ᠤ ᠡᠳᠦᠷ᠂ S43 ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠠᠷᠤᠭᠰᠢᠨ ᠵᠠᠮ ᠤᠨ ᠭᠠᠳᠠᠷᠭᠤ ᠶᠢᠨ ᠳᠡᠯᠭᠡᠨ ᠳᠡᠪᠢᠰᠬᠦ ᠠᠵᠢᠯ ᠡᠬᠢᠯᠡᠪᠡ᠃
2.jpg
    S43 ᠨᠢᠰᠭᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠠᠳᠠᠷᠭᠤ ᠶᠢ ᠳᠡᠯᠭᠡᠨ ᠳᠡᠪᠢᠰᠴᠦ ᠪᠠᠶᠢᠨ᠎ᠠ᠃    ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠪᠥᠬᠦ ᠣᠷᠣᠨ ᠤ ᠵᠠᠰᠠᠮᠠᠯ ᠵᠠᠮ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ︽ᠬᠤᠷᠳᠤᠴᠠ ᠪᠠᠨ ᠲᠦᠷᠭᠡᠳᠬᠡᠬᠦ ᠳᠠᠷᠤᠪᠴᠢ︾᠎ ᠶᠢ ᠳᠠᠷᠤᠵᠤ᠂ ᠣᠳᠣᠬᠠᠨ ᠳᠤ᠂ ᠪᠦᠬᠦ ᠣᠷᠣᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠵᠠᠯᠭᠠᠭ᠎ᠠ ᠪᠠᠷ ᠠᠵᠢᠯ ᠢᠶᠠᠨ ᠰᠡᠷᠭᠦᠭᠡᠵᠦ ᠪᠦᠲᠦᠭᠡᠨ ᠪᠠᠶᠢᠭᠤᠯᠪᠠ᠃
3.jpg
    G0616 ᠭᠠᠭᠴᠠᠮᠣᠳᠤ ᠠᠴᠠ ᠬᠠᠯᠢᠭᠤᠲᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠵᠢᠯ ᠤᠨ ᠲᠤᠬᠠᠶ ᠶᠢᠨ ᠲᠠᠯᠠᠪᠠᠶ    ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠪᠥᠬᠦ ᠣᠷᠣᠨ ᠤ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠬᠤ ᠶᠢᠨ ᠬᠠᠮᠲᠤ᠂ ᠠᠵᠢᠯ ᠡᠬᠢᠯᠡᠭᠦᠯᠬᠦ ᠪᠠ ᠰᠡᠷᠭᠦᠭᠡᠬᠦ᠂ ᠬᠦᠴᠦᠨ ᠵᠦᠢᠯ ᠤᠨ ᠪᠠᠲᠤᠯᠠᠭ᠎ᠠ᠂ ᠶᠠᠰᠤ ᠴᠢᠨᠠᠷ ᠤᠨ ᠠᠮᠤᠷ ᠲᠦᠪᠰᠢᠨ ᠵᠡᠷᠭᠡ ᠲᠠᠯ᠎ᠠ ᠶᠢᠨ ᠠᠵᠢᠯ ᠢ ᠤᠷᠢᠳᠴᠢᠯᠠᠨ ᠪᠠᠶᠢᠷᠢᠯᠠᠭᠤᠯᠵᠤ᠂ ︽ᠭᠠᠷᠠᠭ ᠢᠶᠠᠷ ᠳᠣᠭᠢᠷᠠᠭᠤᠯᠬᠤ᠂ ᠰᠠᠷ᠎ᠠ ᠪᠠᠷ ᠮᠡᠳᠡᠭᠡᠯᠡᠬᠦ᠂ ᠤᠯᠠᠷᠢᠯ ᠢᠶᠠᠷ ᠰᠢᠯᠭᠠᠨ ᠦᠨᠡᠯᠡᠬᠦ︾ ᠲᠣᠭᠲᠠᠴᠠ ᠪᠠᠷ ᠳᠠᠮᠵᠢᠭᠤᠯᠤᠨ᠂ ᠲᠥᠷᠥᠯ ᠵᠦᠢᠯ ᠤᠨ ᠲᠦᠷᠭᠡᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ ᠣᠳᠤᠬᠠᠨ ᠪᠣᠯᠲᠠᠯ᠎ᠠ᠂ 32 ᠲᠥᠷᠥᠯ ᠵᠦᠢᠯ ᠨᠢᠭᠡᠨᠲᠡ ᠲᠠᠯᠠᠪᠠᠶ ᠳᠤ ᠣᠷᠤᠵᠤ᠂ ᠲᠠᠯᠠᠪᠠᠶ ᠳᠤ  ᠣᠷᠤᠭᠰᠠᠨ ᠠᠵᠢᠯᠲᠠᠨ 7701 ᠪᠠᠶᠢᠵᠤ᠂ ᠡᠭᠦᠨ ᠳᠤ G0616 ᠭᠠᠭᠴᠠᠮᠤᠳᠤ — ᠬᠠᠯᠢᠭᠤᠲᠤ ᠬᠦᠷᠬᠦ᠂ G5511 ᠴᠠᠪᠢᠨᠲᠠᠯ᠎ᠠ — ᠰᠣᠭᠤᠳᠤ ᠬᠦᠷᠬᠦ᠂ G5511 ᠠᠨ ᠶᠧ — ᠭᠦᠩᠵᠦ ᠶᠢᠨ ᠳᠠᠯᠠᠩ ᠬᠦᠷᠬᠦ᠂ G110  ᠬᠤᠸᠠᠩ ᠶᠠᠩ ᠮᠦ ᠲᠧᠦ — ᠳ᠋ᠧᠩᠺᠸᠦ ᠬᠦᠷᠬᠦ᠂ G110 ᠳ᠋ᠧᠩᠺᠸᠦ ᠶᠢᠨ ᠬᠠᠲᠤᠨ ᠭᠤᠤᠯ ᠤᠨ ᠶᠡᠭᠡ ᠬᠥᠭᠦᠷᠭᠡ ᠵᠡᠷᠭᠡ 24 ᠲᠥᠷᠥᠯ ᠵᠦᠢᠯ ᠨᠢᠭᠡᠨᠲᠡ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠵᠠᠮ ᠤᠨ ᠤᠷᠲᠤ ᠨᠢ 1548 ᠺᠢᠯᠦᠮᠧᠲᠷ  ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号