ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠠᠷᠠᠳ ᠣᠯᠠᠨ | ᠤ ᠬᠠᠯᠠᠮᠵᠢᠯᠠᠨ ᠠᠩᠬᠠᠷᠴᠤ ᠪᠠᠶᠢᠭ᠎ᠠ ᠲᠣᠪᠣᠶᠢᠮ᠎ᠠ ᠠᠰᠠᠭᠤᠳᠠᠯ ᠪᠣᠯᠤᠨ 12345᠂ 12328 ᠵᠡᠷᠭᠡ | ᠦᠶᠯᠡᠴᠢᠯᠡᠭᠡᠨ ᠤ ᠬᠠᠯᠠᠮᠰᠢᠯ ᠤᠲᠠᠰᠤ ᠪᠠᠷ ᠲᠤᠰᠬᠠᠭᠰᠠᠨ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ | ᠲᠦᠪᠯᠡᠷᠡᠭᠦᠯᠦᠨ ᠵᠢᠭᠤᠯᠴᠢᠯᠠᠯ ᠤᠨ ᠦᠶᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ | ᠦᠶᠯᠡᠴᠢᠯᠡᠭᠡᠨ ᠤ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ ᠳᠡᠰ ᠳᠡᠪᠰᠢᠭᠦᠯᠬᠦ | ᠵᠡᠷᠭᠡ 7 ᠵᠦᠢᠯ ᠤᠨ ᠠᠵᠢᠯᠯᠠᠭ᠎ᠠ ᠶᠢ ᠦᠷᠨᠢᠭᠦᠯᠵᠦ᠂ ᠶᠠᠪᠤᠵᠤ ᠰᠠᠭᠤᠬᠤ ᠪᠡᠶᠡᠴᠢ ᠣᠶᠢᠯᠠᠭᠠᠯᠲᠠ ᠪᠠᠨ ᠲᠠᠰᠤᠷᠠᠯᠳᠠ | ᠦᠭᠡᠢ ᠰᠢᠯᠢᠳᠡᠭᠵᠢᠭᠦᠯᠵᠦ᠂ ᠤᠯᠠᠨ ᠲᠦᠮᠡᠨ ᠤ ᠵᠢᠷᠭᠠᠯᠲᠤ ᠲᠦᠷᠦᠭᠳᠡᠯ ᠬᠦᠷᠲᠡᠮᠵᠢ ᠶᠢᠨ ᠲᠦᠷᠦᠭᠳᠡᠯ ᠢ | ᠳᠡᠭᠡᠭᠰᠢᠯᠡᠭᠦᠯᠵᠦ ᠪᠤᠢ᠃ | ᠨᠢᠭᠡ᠂ ᠵᠢᠭᠤᠯᠴᠢᠯᠠᠯ ᠤᠨ ᠦᠶᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ | ᠶᠢ ᠦᠷᠨᠢᠭᠦᠯᠦᠨ᠎ᠡ᠃ | | | | ᠵᠢᠭᠤᠯᠴᠢᠯᠠᠯ ᠤᠨ ᠶᠠᠪᠤᠵᠤ ᠰᠠᠭᠤᠬᠤ ᠣᠨᠴᠠᠯᠢᠭ ᠪᠠ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠨ᠂ | ᠦᠵᠡᠮᠵᠢ ᠶᠢᠨ ᠣᠷᠣᠨ ᠳᠤ ᠨᠡᠪᠲᠡᠷᠡᠬᠦ ᠵᠢᠭᠤᠯᠴᠢᠯᠠᠯ ᠤᠨ ᠵᠠᠰᠠᠮᠠᠯ ᠵᠠᠮ᠂ ᠭᠤᠣᠯᠳᠠᠯᠭ᠎ᠠ ᠲᠠᠢ ᠵᠠᠰᠠᠮᠠᠯ ᠵᠠᠮ ᠤᠨ ᠵᠠᠮ | ᠤᠨ ᠪᠠᠶᠢᠳᠠᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠢᠵᠢ | ᠪᠦᠷᠢᠳᠦᠭᠦᠯᠬᠦ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠵᠠᠰᠠᠮᠠᠯ ᠵᠠᠮ ᠳᠠᠭᠠᠤ ᠶᠢᠨ ᠥᠪᠡᠷ ᠢᠶᠠᠨ ᠲᠡᠷᠭᠡ | ᠵᠢᠯᠣᠭᠤᠳᠴᠤ ᠵᠢᠭᠤᠯᠴᠢᠯᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | ᠣᠷᠣᠨ ᠪᠦᠰᠡ ᠶᠢᠨ ᠵᠢᠭᠤᠯᠴᠢᠯᠠᠯ ᠤᠨ ᠦᠶᠯᠡᠰ ᠤᠨ ᠬᠥᠭᠵᠢᠯᠲᠡ ᠳᠤ ᠰᠠᠭᠤᠷᠢ ᠴᠢᠨᠠᠷᠲᠠᠶ ᠲᠤᠯᠭᠠᠭᠤᠷᠢᠯᠠᠬᠤ | ᠦᠶᠯᠡᠳᠦᠯ ᠢᠶᠠᠷ ᠢᠯᠡᠷᠬᠡᠶ᠂ ᠵᠢᠭᠤᠯᠴᠢᠯᠠᠯ ᠤᠨ ᠡᠬᠢ ᠪᠠᠶᠠᠯᠢᠭ ᠢᠶᠠᠷ ᠡᠯᠪᠡᠭ᠂ ᠦᠶᠯᠡᠳᠬᠦᠨ ᠤ ᠠᠯᠳᠠᠷᠰᠢᠯ ᠢᠶᠠᠷ | ᠥᠨᠳᠥᠷ᠂ ᠵᠠᠮ ᠬᠠᠷᠢᠯᠴᠠᠭᠠᠨ ᠤ ᠲᠦᠭᠦᠭᠡᠷᠦᠮᠵᠢ ᠶᠢᠨ ᠵᠢᠭᠤᠯᠴᠢᠯᠠᠯ ᠤᠨ ᠦᠶᠯᠡᠴᠢᠯᠡᠭᠡᠨ ᠤ ᠴᠢᠳᠠᠮᠵᠢ ᠪᠠᠷ | ᠲᠣᠪᠣᠶᠢᠮ᠎ᠠ ᠪᠡᠯᠭᠡ ᠲᠡᠮᠳᠡᠭ ᠤᠨ ᠴᠢᠨᠠᠷᠲᠠᠶ ᠵᠢᠭᠤᠯᠴᠢᠯᠠᠯ ᠤᠨ ᠠᠭᠤᠰᠤᠯᠴᠠᠯ ᠤᠨ ᠦᠷ᠎ᠡ ᠪᠦᠲᠦᠭᠡᠯ ᠢ ᠰᠢᠯᠢᠨ | ᠰᠣᠩᠭᠤᠵᠤ᠂ ᠵᠢᠷᠤᠮᠯᠠᠨ ᠳᠠᠭᠤᠷᠢᠶᠠᠵᠤ ᠳᠡᠯᠭᠡᠷᠡᠭᠦᠯᠵᠦ ᠪᠣᠯᠬᠤ ᠨᠢᠭᠡ ᠪᠦᠯᠦᠭ ᠰᠠᠶᠢᠨ ᠲᠤᠷᠰᠢᠯᠭ᠎ᠠ᠂ ᠰᠠᠶᠢᠨ ᠵᠠᠭᠪᠤᠷ᠂ | ᠰᠠᠶᠢᠨ ᠬᠢᠳᠡᠯ ᠢ ᠪᠦᠷᠢᠯᠳᠦᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠵᠢᠭᠤᠯᠴᠢᠯᠠᠯ ᠤᠨ ᠭᠦᠨᠵᠡᠭᠡᠶ | ᠠᠭᠤᠰᠤᠯᠴᠠᠯ ᠪᠠ ᠰᠢᠨ᠎ᠡ ᠶᠢ ᠡᠭᠦᠳᠦᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ | ᠬᠤᠶᠠᠷ᠂ ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠬᠦ ᠴᠢᠳᠠᠪᠤᠷᠢ ᠶᠢᠨ ᠶᠠᠰᠤ ᠴᠢᠨᠠᠷ ᠢᠶᠠᠨ | ᠳᠡᠭᠡᠭᠰᠢᠯᠡᠭᠦᠯᠵᠦ ᠳᠡᠰ ᠳᠡᠪᠰᠢᠭᠦᠯᠬᠦ ᠠᠵᠢᠯᠯᠠᠭ᠎ᠠ ᠦᠷᠨᠢᠭᠦᠯᠦᠨ᠎ᠡ᠃ | | | | ᠬᠠᠯᠠᠭᠤᠨ ᠤᠰᠤ᠂ ᠵᠣᠷᠯᠣᠩ ᠳᠤ ᠣᠷᠣᠬᠤ᠂ ᠲᠣᠰᠣ ᠨᠡᠮᠡᠬᠦ᠂ ᠬᠤᠭᠤᠯᠠ ᠢᠳᠡᠬᠦ ᠵᠡᠷᠭᠡ ᠰᠠᠭᠤᠷᠢ ᠴᠢᠨᠠᠷᠲᠠᠶ | ᠦᠶᠯᠡᠴᠢᠯᠡᠭᠡᠨ ᠢ ᠪᠠᠲᠤᠯᠠᠵᠤ᠂ ᠴᠣᠪᠣᠷᠠᠯ ᠶᠡᠬᠡᠲᠡᠶ ᠦᠶᠯᠡᠴᠢᠯᠡᠭᠡᠨ ᠤ ᠲᠣᠭᠤᠷᠢᠭ ᠲᠤ ᠰᠢᠯᠵᠢᠮᠡᠯ ᠴᠠᠬᠢᠯᠭᠠᠨ | ᠴᠡᠨᠡᠭᠯᠡᠬᠦ ᠲᠦᠭᠦᠭᠡᠷᠦᠮᠵᠢ ᠶᠢ ᠨᠡᠮᠡᠵᠦ ᠪᠠᠶᠢᠭᠤᠯᠤᠨ᠎ᠠ᠃ ᠬᠠᠭᠤᠴᠢᠨ ᠵᠣᠷᠯᠣᠩ ᠢ ᠲᠠᠰ ᠳᠡᠪᠰᠢᠭᠦᠯᠦᠨ ᠥᠭᠡᠷᠡᠴᠢᠯᠡᠨ | ᠰᠠᠶᠢᠵᠢᠷᠠᠭᠤᠯᠵᠤ᠂ ᠵᠣᠷᠯᠣᠩ ᠤᠨ ᠣᠷᠣᠨ ᠪᠠᠶᠢᠷᠢ ᠶᠢᠨ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠲᠣᠬᠢᠷᠠᠭᠤᠯᠤᠨ᠂ | ᠡᠷᠡᠭᠲᠡᠶ ᠡᠮᠡᠭᠲᠡᠶ ᠵᠣᠷᠯᠣᠩ ᠤᠨ ᠬᠠᠷᠢᠴᠠᠯ ᠢ ᠰᠢᠯᠢᠳᠡᠭᠵᠢᠭᠦᠯᠵᠦ᠂ ᠭᠤᠷᠪᠠᠳᠤᠭᠠᠷ ᠵᠣᠷᠯᠣᠩ᠂ ᠰᠠᠭᠤᠳᠠᠯ ᠵᠣᠷᠯᠣᠩ᠂ | ᠠᠷᠢᠭᠤᠨ ᠴᠡᠪᠡᠷ ᠤᠨ ᠬᠡᠷᠡᠭᠰᠡᠯ᠂ ᠰᠠᠯᠬᠢ ᠵᠢᠪᠠᠷ ᠨᠡᠪᠲᠡᠷᠡᠭᠦᠯᠦᠨ ᠦᠮᠡᠬᠡᠶ ᠦᠨᠦᠷ ᠢ ᠠᠷᠢᠯᠭᠠᠬᠤ ᠵᠡᠷᠭᠡ ᠬᠥᠮᠥᠡᠯᠢᠭ | ᠲᠦᠭᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠷᠢᠭᠤᠨ ᠴᠡᠪᠡᠷ ᠤᠨ ᠠᠵᠢᠯᠲᠠᠨ ᠤ ᠲᠣᠬᠢᠷᠠᠭᠤᠯᠤᠯᠲᠠ ᠶᠢ | ᠨᠡᠮᠡᠭᠳᠡᠭᠦᠯᠵᠦ᠂ ᠠᠷᠢᠭᠤᠨ ᠴᠡᠪᠡᠷ᠂ ᠴᠠᠭᠳᠠᠨ ᠪᠠᠶᠢᠴᠠᠭᠠᠵᠤ ᠮᠠᠨᠠᠬᠤ ᠵᠡᠷᠭᠡ ᠡᠳᠦᠷ ᠲᠤᠲᠤᠮ ᠤᠨ ᠠᠵᠢᠯ ᠤᠨ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠡᠪᠡᠷ ᠲᠡᠭᠰᠢ᠂ ᠡᠮᠬᠢ ᠳᠢᠭᠯᠢᠮ ᠲᠠᠢ ᠪᠠᠶᠢᠬᠤ ᠶᠢ ᠪᠠᠲᠤᠯᠠᠨ᠎ᠠ᠃ | ︽ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠠᠪᠴᠠᠩ︾ ᠢ ᠰᠦᠯᠵᠢᠶᠡᠨ ᠳᠡᠭᠡᠷ᠎ᠡ | ᠡᠵᠡᠩᠨᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠭᠠᠷ ᠤᠨ ᠠᠶ᠎ᠠ ᠪᠠᠷ ᠪᠠᠶᠢᠴᠠᠭᠠᠬᠤ︾ ᠵᠢᠴᠢ ᠭᠤᠣ | ᠳ᠋ᠧ᠂ ᠪᠠᠶ ᠳ᠋ᠦ᠋ ᠵᠡᠷᠭᠡ ᠠᠶᠠᠯᠠᠯ ᠵᠠᠯᠠᠬᠤ ᠲᠠᠪᠴᠠᠩ ᠯᠤᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠣᠯᠠᠨ ᠲᠦᠮᠡᠨ | ᠤ ᠥᠪᠡᠷᠮᠢᠴᠡ᠂ ᠣᠯᠠᠨ ᠶᠠᠩᠵᠤ ᠶᠢᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠨ᠎ᠠ᠃ | ᠭᠤᠷᠪᠠ᠂ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠶᠢᠨ ︽ᠠᠮᠤᠷ ᠲᠦᠪᠰᠢᠨ ᠰᠠᠬᠢᠨ ᠬᠠᠮᠠᠭᠠᠯᠠᠬᠤ︾ | ᠠᠵᠢᠯᠯᠠᠭ᠎ᠠ ᠶᠢ ᠦᠷᠨᠢᠭᠦᠯᠦᠨ᠎ᠡ᠃ | | | | 2024 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠳᠡᠭᠡᠳᠦ ᠬᠤᠷᠳᠤ ᠶᠢᠨ ᠵᠠᠰᠠᠮᠠᠯ | ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠠᠴᠠ ︽ᠲᠡᠷᠭᠡ ᠪᠠᠷᠠᠭ᠎ᠠ ᠶᠢᠨ ᠲᠥᠯᠥᠭᠡ ᠵᠣᠪᠠᠭ᠋ᠤ ᠥᠬᠡᠶ︾ | ᠳᠠᠭᠠᠳᠬᠠᠯ᠂ ᠲᠣᠰᠣᠨ ᠤ ᠵᠦᠶᠯ ᠤᠨ ᠬᠤᠯᠠᠭᠠᠶᠢᠯᠠᠭᠳᠠᠯ ᠢ ︽ᠤᠷᠢᠳ ᠢᠶᠠᠷ ᠣᠷᠣᠯᠠᠨ ᠲᠦᠯᠦᠬᠦ︾᠂ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠠᠴᠢᠶᠠᠨ ᠤ ᠮᠠᠰᠢᠨ ᠲᠡᠷᠭᠡᠨ ᠤ | ᠵᠢᠯᠣᠭᠤᠴᠢ ᠳᠤ ᠲᠤᠰᠬᠠᠶ ᠦᠢᠯᠡᠴᠢᠯᠡᠬᠦ ᠥᠷᠲᠡᠭᠡ ︵ᠲᠠᠪᠴᠠᠩ︶ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ | ᠨᠡᠶᠢᠲᠡᠯᠡᠵᠦ᠂ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠶᠢᠨ ᠲᠤᠰᠬᠠᠶ ᠦᠶᠯᠡᠴᠢᠯᠡᠭᠡ ᠪᠠ ᠲᠤᠰᠬᠠᠶ ᠬᠠᠶᠢᠷ᠎ᠠ | ᠬᠠᠯᠠᠮᠵᠢ ᠶᠢᠨ ᠠᠵᠢᠯᠯᠠᠭ᠎ᠠ ᠥᠷᠨᠢᠭᠦᠯᠦᠨ᠂ ︽ᠲᠡᠷᠭᠡ ᠪᠠᠷᠠᠭ᠎ᠠ ᠶᠢᠨ ᠲᠥᠯᠥᠭᠡ ᠵᠣᠪᠠᠭ᠋ᠤ ᠥᠬᠡᠶ︾ ᠳᠠᠭᠠᠳᠬᠠᠯ ᠤᠨ | ᠲᠥᠯᠥᠪᠦᠷᠢ ᠶᠢᠨ ᠲᠠᠰ ᠳᠠᠷᠠᠭᠠᠯᠠᠯ ᠢ ᠰᠢᠯᠢᠳᠡᠭᠵᠢᠭᠦᠯᠵᠦ᠂ ︽ᠨᠢᠭᠡ ᠦᠷᠲᠡᠭᠡᠴᠢᠯᠡᠭᠰᠡᠨ︾ ᠦᠶᠯᠡᠴᠢᠯᠡᠭᠡ ᠶᠢ | ᠴᠢᠷᠮᠠᠶᠢᠨ ᠪᠠᠶᠢᠭᠤᠯᠵᠤ᠂ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠨᠢ ︽ᠣᠷᠣᠨ ᠠᠴᠠ ᠭᠠᠷᠬᠤ ᠥᠬᠡᠶ︾ ᠪᠠᠷ | ᠳᠠᠷᠤᠶ ᠤᠷᠢᠳ ᠢᠶᠠᠷ ᠲᠥᠯᠥᠪᠦᠷᠢ ᠣᠯᠵᠤ᠂ ᠠᠴᠢᠶᠠᠨ ᠤ ᠮᠠᠰᠢᠨ ᠲᠡᠷᠭᠡᠨ ᠤ ᠵᠢᠯᠤᠭᠤᠴᠢ ᠶᠢᠨ ᠡᠳ᠋ ᠬᠦᠷᠦᠩᠭᠡ᠂ | ᠲᠣᠰᠣ ᠵᠡᠷᠭᠡ ᠶᠢᠨ ᠠᠮᠣᠷ ᠲᠦᠪᠰᠢᠨ ᠢ ᠪᠠᠲᠤᠯᠠᠨ᠎ᠠ᠃ ᠮᠠᠨ ᠤ ᠣᠷᠣᠨ ᠤ ᠬᠦᠨᠳᠦ ᠠᠴᠢᠶᠠᠨ ᠤ ᠮᠠᠰᠢᠨ ᠲᠡᠷᠭᠡᠨ ᠤ | ᠵᠢᠯᠣᠭᠤᠴᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠰᠢᠨᠡᠳᠬᠡᠨ ᠲᠡᠭᠦᠯᠳᠡᠷᠵᠢᠭᠦᠯᠵᠦ᠂ ᠬᠦᠨᠳᠦ ᠠᠴᠢᠶᠠᠨ ᠤ | ᠮᠠᠰᠢᠨ ᠲᠡᠷᠭᠡᠨ ᠤ ᠵᠢᠯᠣᠭᠤᠴᠢ ᠪᠣᠯᠤᠨ ᠬᠡᠷ ᠪᠦᠯᠢ ᠶᠢᠨ ᠬᠢᠨ ᠤ ᠲᠡᠷᠭᠡ ᠬᠥᠰᠬᠡ ᠶᠢᠨ ᠮᠡᠳᠡᠭᠡ ᠵᠠᠩᠭᠢ ᠶᠢ ᠬᠠᠮᠲᠤ | ᠪᠠᠷ ᠡᠳ᠋ᠯᠡᠬᠦ ᠶᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠵᠤ᠂ ᠠᠮᠤᠷ ᠲᠦᠪᠰᠢᠨ ᠢᠶᠠᠷ ᠲᠡᠷᠭᠡ ᠵᠢᠯᠣᠭᠤᠳᠬᠤ ᠶᠢ ᠰᠠᠬᠢᠨ | ᠪᠠᠷᠠᠯᠠᠨ᠎ᠠ᠃ | ᠲᠦᠷᠪᠡ᠂ ᠴᠠᠭᠳᠠᠨ ᠶᠠᠪᠤᠬᠤ ᠲᠦᠷᠢᠶᠡᠰᠦᠨ ᠮᠠᠰᠢᠨ ᠤ ᠦᠶᠯᠡᠴᠢᠯᠡᠭᠡᠨ ᠤ ᠳᠣᠪᠤᠶᠢᠮ᠎ᠠ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠦᠨ᠎ᠡ᠃ | | | | ᠰᠦᠯᠵᠢᠶᠡᠨ ᠤ ᠬᠠᠯᠠᠮᠰᠢᠯ ᠪᠣᠯᠣᠭᠰᠠᠨ ᠦᠵᠡᠮᠵᠢ ᠶᠢᠨ ᠣᠷᠣᠨ᠂ ᠵᠠᠭᠠᠯᠳᠤᠯᠭ᠎ᠠ ᠣᠯᠠᠨᠲᠠᠢ ᠭᠠᠵᠠᠷ ᠵᠡᠷᠭᠡ | ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠡᠷᠭᠡ ᠬᠥᠰᠬᠡ᠂ ᠭᠤᠤᠯᠳᠠᠯᠭ᠎ᠠ ᠲᠠᠢ ᠬᠥᠮᠦᠰ ᠢ ᠴᠢᠩᠭ᠎ᠠ | ᠠᠩᠬᠠᠷᠴᠤ᠂ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠯᠦ ᠲᠡᠭᠡᠭᠡᠬᠦ᠂ ᠦᠨ᠎ᠡ | ᠵᠥᠪᠯᠡᠬᠦ᠂ ᠲᠣᠭᠤᠷᠢᠵᠤ ᠶᠠᠪᠤᠬᠤ᠂ ᠠᠶᠠᠨᠴᠢᠳ ᠢ ᠳᠣᠷᠣᠮᠵᠢᠯᠠᠨ ᠬᠠᠷᠢᠶᠠᠬᠤ ᠵᠡᠷᠭᠡ ᠲᠣᠭᠲᠠᠭᠠᠯ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ | ᠰᠡᠷᠡᠮᠵᠢᠯᠡᠭᠦᠯᠬᠦ ᠬᠥᠮᠦᠵᠢᠯ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠶᠢᠨ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠦᠶᠯᠡᠴᠢᠯᠡᠭᠡᠨ ᠤ ᠶᠠᠰᠤ ᠴᠢᠨᠠᠷ | ᠢ ᠳᠡᠭᠡᠭᠰᠢᠯᠡᠭᠦᠯᠦᠨ᠎ᠡ᠃ ᠢᠯᠡᠴᠢᠯᠡᠨ ᠮᠡᠳᠡᠭᠦᠯᠵᠦ ᠵᠠᠭᠠᠯᠳᠤᠭᠰᠠᠨ ᠢ ᠲᠦᠷᠭᠡᠨ ᠪᠠᠶᠢᠴᠠᠭᠠᠵᠤ ᠲᠦᠷᠭᠡᠨ | ᠰᠢᠶᠳᠪᠦᠷᠢᠯᠡᠵᠦ᠂ ᠴᠠᠭ ᠲᠤᠬᠠᠶ ᠳᠤ ᠨᠢ ᠬᠠᠷᠢᠭᠤᠯᠲᠠ ᠥᠭᠴᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠲᠠᠪᠤ᠂ ᠨᠠᠰᠤᠲᠠᠶᠢᠴᠤᠳ ᠲᠤ ᠳᠣᠭᠢᠷᠠᠬᠤ ᠰᠠᠭᠠᠳ ᠥᠬᠡᠶ ᠵᠠᠮ ᠬᠠᠷᠢᠯᠴᠠᠭᠠᠨ ᠤ ᠦᠶᠯᠡᠴᠢᠯᠡᠭᠡ ᠶᠢᠨ ᠬᠡᠪᠴᠢᠶ᠎ᠡ | ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠥᠷᠨᠢᠭᠦᠯᠦᠨ᠎ᠡ᠃ | | | | ᠲᠦᠷᠢᠶᠡᠰᠦᠨ ᠮᠠᠰᠢᠨ ᠲᠡᠷᠭᠡᠨ ᠤ ᠤᠳᠠᠰᠤ ᠪᠠᠷ ᠳᠠᠭᠤᠳᠠᠬᠤ ᠪᠤᠶᠤ ᠰᠦᠯᠵᠢᠶ᠎ᠡ ᠪᠠᠷ ᠲᠡᠷᠭᠡ ᠪᠣᠯᠵᠣᠬᠤ ︽ᠨᠢᠭᠡ | ᠳᠠᠷᠤᠪᠴᠢ ᠪᠠᠷ ᠲᠡᠷᠭᠡ ᠳᠠᠭᠤᠳᠠᠬᠤ︾ ᠦᠶᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠶᠢᠮᠠᠭ ᠬᠤᠲᠠ | ᠶᠢ ᠪᠦᠷᠢᠨ ᠪᠥᠷᠬᠦᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠳᠣᠣᠷ᠎ᠠ ᠱᠠᠯᠠ ᠪᠠ ᠳᠣᠣᠷ᠎ᠠ ᠣᠷᠣᠬᠤ | ᠡᠭᠦᠳᠡ ᠲᠠᠢ ᠬᠤᠳᠠ ᠶᠢᠨ ᠨᠡᠶᠢᠲᠡ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ 20 | ᠵᠤᠷᠪᠤᠰ ᠨᠠᠰᠤᠲᠠᠨ ᠢᠶᠠᠨ ᠬᠦᠨᠳᠦᠯᠡᠬᠦ ᠬᠤᠳᠠ ᠶᠢᠨ ᠨᠡᠶᠢᠲᠡ ᠶᠢᠨ ᠴᠠᠬᠢᠯᠭᠠᠨ ᠮᠠᠰᠢᠨ ᠲᠡᠷᠭᠡ ᠶᠢᠨ ᠱᠤᠭᠤᠮ ᠢ | ᠰᠢᠨ᠎ᠡ ᠪᠠᠷ ᠪᠠᠶᠢᠭᠤᠯᠤᠨ᠎ᠠ᠃ 1 ᠵᠤᠷᠪᠤᠰ ᠬᠤᠲᠠ ᠶᠢᠨ ᠵᠢᠮᠳᠤ ᠵᠠᠮ ᠬᠠᠷᠢᠯᠴᠠᠭ᠎ᠠ ᠶᠢᠨ ᠡᠵᠡᠩᠨᠡᠯᠲᠡ ᠶᠢᠨ | ᠦᠶᠯᠡᠴᠢᠯᠡᠭᠡᠨ ᠤ ᠨᠠᠷᠠᠲᠤ ᠲᠡᠮᠳᠡᠭᠲᠦ ᠶᠢᠨ ᠵᠠᠮ ᠱᠤᠭᠤᠮ ᠢ ᠴᠢᠷᠮᠠᠶᠢᠨ ᠪᠣᠶ ᠪᠣᠯᠭᠠᠵᠤ᠂ ᠥᠷᠲᠡᠭᠡ ᠲᠡᠷᠭᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠣᠷᠣᠵᠤ ᠭᠠᠷᠬᠤ ᠡᠭᠦᠳᠡ ᠪᠠ ᠰᠣᠯᠢᠵᠤ ᠰᠠᠭᠤᠬᠤ ᠲᠦᠭᠦᠭᠡᠷᠦᠮᠵᠢ ᠶᠢ | ᠰᠢᠯᠢᠳᠡᠭᠵᠢᠭᠦᠯᠦᠨ ᠥᠭᠡᠷᠡᠴᠢᠯᠡᠬᠦ ᠶᠢ ᠠᠬᠢᠭᠤᠯᠵᠤ᠂ ᠨᠠᠰᠤᠲᠠᠶᠢᠴᠤᠳ ᠢ ᠪᠠᠭᠲᠠᠭᠠᠭᠰᠠᠨ ᠡᠯ᠎ᠡ ᠲᠥᠷᠥᠯ ᠤᠨ ᠬᠥᠮᠦᠰ | ᠲᠤ ᠠᠮᠤᠷ ᠲᠦᠪᠰᠢᠨ ᠳᠥᠭᠦᠮ ᠳᠥᠲᠡ ᠬᠠᠯᠠᠭᠤᠨ ᠳᠤᠯᠠᠭᠠᠨ ᠲᠡᠷᠭᠡᠨ ᠳᠤ ᠰᠠᠭᠤᠬᠤ ᠣᠷᠴᠢᠨ ᠲᠣᠭᠤᠷᠢᠨ ᠪᠠ | ᠦᠶᠯᠡᠴᠢᠯᠡᠭᠡ ᠶᠢ ᠬᠠᠩᠭᠠᠨ᠎ᠠ᠃ | ᠵᠢᠷᠭᠤᠭ᠎ᠠ ᠂ ETC ᠪᠠᠷ ᠨᠡᠪᠲᠡᠷᠡᠬᠦ ᠦᠶᠯᠡᠴᠢᠯᠡᠭᠡᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠦᠷᠨᠢᠭᠦᠯᠦᠨ᠎ᠡ᠃ | | | | 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠳᠦ ᠬᠤᠷᠳᠤ ᠶᠢᠨ ᠵᠠᠰᠠᠮᠠᠯ ᠵᠠᠮ ᠤᠨ ETC ᠪᠠᠷ | ᠨᠡᠪᠲᠡᠷᠡᠬᠦ ᠦᠶᠯᠡᠴᠢᠯᠡᠭᠡᠨ ᠤ ᠲᠤᠰᠬᠠᠶ ᠴᠡᠭᠴᠡᠯᠡᠨ ᠵᠠᠰᠠᠯᠲᠠ ᠶᠢ ᠪᠡᠶᠡᠯᠡᠭᠦᠯᠵᠦ᠂ ᠨᠢᠭᠡ ᠥᠷᠲᠡᠭᠡ ᠳᠤ ᠨᠢᠭᠡ ᠠᠷᠭ᠎ᠠ | ᠪᠣᠳᠣᠯᠭ᠎ᠠ ᠪᠠᠷ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠬᠡᠷᠡᠭᠯᠡᠭᠴᠢᠳ ᠳᠤ | ᠦᠢᠯᠡᠴᠢᠯᠡᠬᠦ ᠲᠦᠪᠰᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠮᠡᠷᠭᠡᠵᠢᠯ ᠤᠨ ᠠᠵᠢᠯᠯᠠᠬᠤ ᠬᠠᠮᠠᠭᠠᠯᠠᠬᠤ | ᠲᠦᠪᠰᠢᠨ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ETC ᠪᠠᠷ ᠨᠡᠪᠲᠡᠷᠡᠬᠦ ᠪᠦᠲᠦᠮᠵᠢ ᠶᠢᠨ ᠨᠣᠷᠮ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠨᠡᠪᠲᠡᠷᠡᠬᠦ ᠦᠷ᠎ᠡ ᠪᠦᠲᠦᠮᠵᠢ | ᠪᠠ ᠦᠶᠯᠡᠴᠢᠯᠡᠭᠡᠨ ᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠳᠥᠭᠦᠮ ᠳᠥᠲᠡ | ᠥᠨᠳᠥᠷ ᠪᠦᠲᠦᠮᠵᠢᠲᠡᠶ ᠶᠠᠪᠤᠵᠤ ᠰᠠᠭᠤᠬᠤ ᠶᠢ ᠪᠠᠲᠤᠯᠠᠨ᠎ᠠ᠃ ︽ᠲᠠᠪᠤᠨ ᠰᠠᠷ᠎ᠠ ᠶᠢᠨ ᠨᠢᠭᠡᠨ︾ ᠠᠴᠠ ᠡᠮᠦᠨ᠎ᠡ | ᠲᠡᠷᠭᠡ ᠬᠥᠰᠬᠡ ᠶᠢᠨ ᠫᠠᠶᠢᠰᠠ ᠲᠡᠮᠳᠡᠭ ᠢᠶᠠᠨ ᠰᠣᠯᠢᠬᠤ ᠦᠶ᠎ᠡ ᠳᠤ ETC ᠢᠶᠠᠨ ᠡᠷᠦᠬᠡ ᠰᠢᠯᠵᠢᠭᠦᠯᠬᠦ ᠶᠢᠨ ᠠᠷᠭ᠎ᠠ | ᠦᠭᠡᠶ ᠪᠠᠶᠢᠬᠤ ᠠᠰᠠᠭᠤᠳᠠᠯ ᠢ ᠰᠢᠶᠳᠪᠦᠷᠢᠯᠡᠵᠦ᠂ ETC ᠭᠦᠶᠴᠡᠳᠬᠡᠬᠦ ᠠᠷᠭ᠎ᠠ ᠵᠠᠮ ᠢ ᠨᠡᠶᠢᠭᠡᠮ ᠳᠤ ᠨᠡᠶᠢᠲᠡᠯᠡᠨ᠎ᠡ᠃ | | ᠳᠣᠯᠤᠭ᠎ᠠ᠂ G6᠂ G7 ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ | | | | 4 ᠳ᠋ᠦ᠋ᠭᠡᠷ ᠰᠠᠷ᠎ᠠ ᠶᠢᠨ 15 ᠤ ᠡᠳᠦᠷ ᠠᠴᠠ 5 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ G6᠂ G7 | ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ᠂ ᠲᠡᠷᠭᠡ ᠵᠣᠭᠰᠣᠭᠠᠬᠤ ᠲᠣᠭᠤᠷᠢᠭ᠂ | ᠰᠦᠶᠳᠬᠡᠯ ᠬᠤᠷᠢᠶᠠᠬᠤ ᠥᠷᠲᠡᠭᠡ ᠵᠡᠷᠭᠡ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠤᠨ᠂ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠨ᠎ᠡ᠃ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ | G7 ᠳᠡᠭᠡᠳᠦ ᠬᠤᠷᠳᠤ ᠶᠢᠨ ᠵᠠᠰᠠᠮᠠᠯ ᠵᠠᠮ ᠤᠨ ᠥᠪᠥᠷ ᠮᠣᠩᠭᠤᠯ ᠭᠠᠨᠰᠦ ᠶᠢᠨ ᠵᠠᠭᠠᠭ᠂ ᠥᠪᠥᠷ ᠮᠣᠩᠭᠤᠯ ᠱᠠᠨ | ᠰᠢ ᠪᠣᠯᠤᠨ G6 ᠳᠡᠭᠡᠳᠦ ᠬᠤᠷᠳᠤ ᠶᠢᠨ ᠵᠠᠰᠠᠮᠠᠯ ᠵᠠᠮ ᠤᠨ ᠥᠪᠥᠷ ᠮᠣᠩᠭᠤᠯ ᠾᠧᠪᠧᠶ ᠶᠢᠨ ᠵᠠᠭᠠᠭ ᠲᠤ ᠲᠡᠷᠭᠡ | ᠵᠣᠭᠰᠣᠭᠠᠬᠤ ᠥᠬᠡᠶ ᠪᠠᠷ ᠬᠦᠨᠳᠦ ᠶᠢ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ ᠨᠡᠮᠡᠵᠦ ᠤᠭᠰᠠᠷᠠᠵᠤ᠂ ᠵᠠᠰᠠᠭ | ᠵᠠᠬᠢᠷᠭᠠᠨ ᠤ ᠰᠢᠢᠳᠭᠡᠯ ᠲᠣᠷᠭᠠᠭᠤᠯᠢ ᠪᠠ ᠮᠡᠳᠡᠭᠡ ᠵᠠᠩᠭᠢ ᠶᠢ ᠬᠠᠭᠤᠯᠤᠨ ᠮᠡᠳᠡᠭᠳᠡᠬᠦ ᠠᠵᠢᠯ ᠢ ᠥᠷᠨᠢᠭᠦᠯᠦᠨ᠎ᠡ᠃ | ︽ᠵᠠᠭᠤᠨ ᠲᠣᠨ ᠤ ᠸᠠᠩ︾᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠬᠦᠨᠳᠦ ᠨᠣᠴᠢᠲᠠᠶ ᠬᠠᠤᠯᠢ | ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠦᠶᠯᠡ ᠠᠵᠢᠯᠯᠠᠭ᠎ᠠ ᠶᠢ | ᠦᠨᠳᠦᠰᠦᠨ ᠳᠤ ᠪᠠᠨ ᠠᠷᠢᠯᠭᠠᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠭᠰᠡᠨ ᠨᠣᠷᠮ᠎ᠠ ᠶᠢ 0.5% ᠶᠢᠨ ᠳᠣᠲᠣᠷ᠎ᠠ | ᠪᠣᠯᠲᠠᠯ᠎ᠠ ᠪᠠᠭᠤᠷᠠᠭᠤᠯᠤᠨ᠎ᠠ᠃ |