4 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ | ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠲᠢᠩᠬᠢᠮ ᠤᠨ ᠰᠢᠭᠤᠳ ᠬᠠᠷᠢᠶ᠎ᠠ ᠰᠢᠰᠲ᠋ᠧᠮ ᠤᠨ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | | | | ᠬᠤᠷᠠᠯ ᠠᠴᠠ᠂ ᠪᠦᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ | ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠠᠬᠢᠯᠭ᠎ᠠ | ᠪᠠᠲᠤ ᠰᠤᠷᠤᠯᠴᠠᠬᠤ ᠠᠴᠠ ᠭᠠᠷᠳᠠᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠶᠢᠵᠢᠭᠤᠯᠬᠤ ᠶᠢ ᠪᠠᠷᠢᠮᠲᠠᠯᠠᠵᠤ᠂ | ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠣᠨ | ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ | ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠪᠦᠬᠦᠨ ᠨᠢ ᠭᠤᠣᠯ ᠠᠵᠢᠯ ᠢ ᠠᠬᠢᠭᠤᠯᠬᠤ ᠪᠦᠲᠦᠮᠵᠢᠲᠡᠢ | ᠠᠷᠭ᠎ᠠ ᠬᠡᠮᠵᠢᠶ᠎ᠡ ᠪᠣᠯᠭᠠᠵᠤ᠂ ︽ᠬᠤᠶᠠᠷ ᠨᠢᠭᠤᠷᠲᠡᠨ︾ ᠪᠣᠯᠬᠤ ᠶᠢ ᠦᠨᠡᠨ ᠬᠦ ᠰᠡᠷᠭᠡᠶᠢᠯᠡᠬᠦ ᠬᠡᠷᠡᠭᠲᠡᠢ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠡᠵᠡᠮᠳᠡᠵᠦ᠂ | ᠲᠣᠭᠲᠠᠭᠰᠠᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠪᠡᠷ ᠢᠶᠠᠨ ᠰᠣᠩᠭᠤᠬᠤ ᠠᠵᠢᠯᠯᠠᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ | ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠮᠦᠵᠢᠭᠦᠯᠦᠨ | ᠵᠢᠯᠣᠭᠤᠳᠴᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠤ ᠪᠠᠨ | ᠬᠠᠳᠠᠩᠰᠢᠭᠤᠯᠵᠤ᠂ ᠨᠠᠮᠴᠢ ᠴᠢᠨᠠᠷ ᠢ ᠴᠢᠩᠭᠠᠳᠬᠠᠬᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ᠂ ᠰᠤᠷᠲᠠᠯ ᠢ | ᠬᠠᠲᠠᠭᠤᠵᠢᠭᠤᠯᠬᠤ ᠶᠢ ᠡᠳᠦᠷ ᠲᠤᠳᠤᠮ ᠤᠨ ᠠᠵᠢᠯ ᠳᠤ ᠪᠠᠨ ᠠᠭᠤᠰᠤᠯᠴᠠᠭᠤᠯᠵᠤ᠂ ᠳᠠᠳᠬᠠᠯ ᠪᠣᠯᠭᠠᠬᠤ ᠬᠡᠷᠡᠭᠲᠡᠢ᠃ | ᠰᠤᠷᠤᠯᠴᠠᠬᠤ ᠭᠤᠣᠯᠳᠠᠯᠭ᠎ᠠ ᠶᠢ ᠠᠳᠬᠤᠵᠤ᠂ ᠪᠦᠯᠦᠭ ᠳᠠᠷᠠᠭᠠᠯᠠᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ | ᠰᠤᠷᠤᠯᠴᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ | ᠴᠢᠩᠭᠠᠳᠬᠠᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠬᠡᠷᠡᠭ ᠢᠶᠠᠷ ᠰᠠᠬᠢᠯᠭ᠎ᠠ ᠪᠠᠲᠤ ᠶᠢ | ᠲᠠᠶᠢᠯᠪᠤᠷᠢᠯᠠᠬᠤ ᠶᠢ ᠭᠦᠨᠵᠡᠭᠡᠶᠢᠷᠡᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠵᠦ᠂ ᠨᠠᠮ ᠤᠨ | ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠲᠡᠭᠦᠨ ᠠᠴᠠ ᠰᠤᠷᠭᠠᠮᠵᠢ ᠠᠪᠴᠤ᠂ ᠡᠭᠦᠨ ᠢᠶᠠᠷ ᠴᠡᠭᠡᠷᠯᠡᠯ | ᠪᠣᠯᠭᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠨᠢ ᠴᠢᠩᠭᠠᠳᠬᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ᠂ ᠲᠢᠩᠬᠢᠮ ᠤᠨ ᠰᠢᠭᠤᠳ ᠬᠠᠷᠢᠶ᠎ᠠ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ ᠲᠥᠰᠦᠯ ᠲᠥᠯᠥᠪᠯᠡᠭᠡ ᠲᠣᠭᠲᠠᠭᠠᠵᠤ᠂ ᠴᠠᠭ ᠬᠤᠭᠤᠴᠠᠭ᠎ᠠ ᠪᠠ ᠡᠭᠦᠷᠭᠡ ᠶᠢᠨ | ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ᠃ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠦᠯᠢᠭᠡᠷ ᠳᠠᠭᠤᠷᠢᠶᠠᠯ ᠪᠣᠯᠬᠤ ᠦᠢᠯᠡᠳᠦᠯ | ᠢᠶᠠᠨ ᠭᠦᠢᠴᠡᠳ ᠪᠠᠳᠠᠷᠠᠭᠤᠯᠵᠤ᠂ ᠤᠷᠢᠳ ᠢᠶᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠨᠠᠮ ᠤᠨ ᠰᠠᠬᠢᠯᠭ᠎ᠠ | ᠪᠠᠲᠤ ᠶᠢ ᠴᠢᠩᠭ᠎ᠠ ᠬᠡᠷᠡᠭᠵᠢᠭᠦᠯᠦᠨ ᠬᠠᠮᠠᠭᠠᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠶᠢ | ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠡᠯᠪᠡᠷᠢᠴᠢ ᠦᠵᠡᠯ ᠢ | ᠦᠷᠭᠦᠯᠵᠢᠯᠡᠨ ᠭᠦᠨᠵᠡᠭᠡᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ | ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠵᠤ᠂ | ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠶᠢ ᠴᠢᠩᠭ᠎ᠠ ᠴᠡᠭᠡᠷᠯᠡᠬᠦ ᠬᠡᠷᠡᠭᠲᠡᠶ᠃ ᠱᠠᠯᠠᠪᠳᠠᠭᠤᠯᠤᠨ | ᠵᠢᠯᠣᠭᠤᠳᠬᠤ ᠪᠠᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ | ᠪᠠᠶᠢᠳᠠᠯ ᠢ ᠣᠨ ᠤ ᠬᠢᠨᠠᠨ ᠰᠢᠯᠭᠠᠯᠲᠠ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠴᠢᠬᠤᠯᠠ | ᠠᠭᠤᠯᠭ᠎ᠠ ᠪᠣᠯᠭᠠᠵᠤ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠱᠠᠭᠠᠷᠳᠠᠪᠠ᠃ |