ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ ︵ᠣᠷᠤᠨ ᠨᠤᠲᠤᠭ ᠤᠨ ᠳᠠᠯᠠᠢ ᠶᠢᠨ ᠶᠠᠪᠤᠳᠠᠯ ᠤᠨ ᠭᠠᠵᠠᠷ︶
ᠨᠡᠶᠢᠲᠡᠯᠡᠭᠰᠡᠨ ᠴᠠᠭ᠄
2024/4/23
     ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠶᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠬᠦᠯᠦᠨ᠎ᠡ᠃ ᠮᠣᠵᠢ ᠪᠠ ᠠᠶᠢᠮᠠᠭ ᠬᠤᠲᠠ ᠠᠯᠤᠰᠯᠠᠭᠰᠠᠨ ᠵᠠᠮ ᠤᠨ ᠠᠶᠠᠨᠴᠢᠳ ᠤᠨ ᠲᠡᠭᠡᠭᠡᠪᠦᠷᠢ᠂ ᠣᠯᠠᠨ ᠤᠯᠤᠰ ᠤᠨ ᠵᠠᠮ ᠤᠨ ᠲᠡᠭᠡᠭᠡᠪᠦᠷᠢ᠂ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠨᠦᠭᠦᠴᠡᠯ ᠤᠨ ᠨᠦᠯᠦᠭᠡᠯᠡᠯ ᠢ ᠦᠨᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠮᠠᠯ ᠵᠠᠮ᠂ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠡᠳ᠋ ᠪᠠᠷᠠᠭᠠᠨ ᠤ ᠲᠡᠭᠡᠭᠡᠪᠦᠷᠢ᠂ ᠠᠶᠠᠨᠴᠢᠳ ᠤᠨ ᠪᠠᠷᠠᠭᠠᠨ ᠤ ᠲᠡᠭᠡᠭᠡᠪᠦᠷᠢ ᠶᠢᠨ ᠲᠠᠯᠠᠪᠠᠢ ᠦᠷᠲᠡᠭᠡᠨ‌‍ᠦ ᠡᠵᠡᠩᠨᠡᠯᠲᠡ᠂ ᠮᠠᠰᠢᠨ ᠲᠡᠷᠭᠡ ᠰᠠᠯᠪᠢᠨ ᠵᠠᠰᠠᠬᠤ᠂ ᠲᠡᠭᠡᠭᠡᠪᠦᠷᠢᠯᠡᠨ ᠡᠵᠡᠩᠨᠡᠬᠦ ᠲᠡᠷᠭᠡ ᠶᠢᠨ ᠶᠡᠷᠦᠩᠬᠡᠢ ᠰᠢᠨᠵᠢ ᠴᠢᠳᠠᠮᠵᠢ ᠶᠢ ᠰᠢᠯᠭᠠᠨ ᠰᠢᠨᠵᠢᠯᠡᠬᠦ᠂ ᠮᠠᠰᠢᠨ ᠲᠡᠷᠭᠡᠨ ᠤ ᠵᠢᠯᠤᠭᠤᠴᠢ ᠶᠢᠨ ᠪᠣᠯᠪᠠᠰᠤᠷᠠᠯ᠂ ᠠᠵᠢᠯ ᠡᠷᠬᠢᠯᠡᠭᠰᠡᠳ ᠤᠨ ᠬᠠᠮᠢᠶᠠᠷᠤᠯᠲᠠ ᠵᠡᠷᠭᠡ ᠠᠵᠢᠯ ᠳᠤ ᠬᠢᠨᠠᠯᠲᠠ ᠲᠠᠯᠪᠢᠵᠤ ᠵᠢᠭᠠᠨ ᠵᠢᠯᠤᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠳᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠳᠦᠷᠢᠶᠡᠰᠦᠯᠡᠬᠦ᠂ ᠰᠦᠯᠵᠢᠶ᠎ᠡ ᠪᠠᠷ ᠪᠣᠯᠵᠤᠬᠤ ᠲᠡᠷᠭᠡ ᠵᠡᠷᠭᠡ ᠬᠤᠲᠠ  ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠭᠠᠨ ᠵᠢᠯᠤᠭᠤᠳᠤᠨ᠎ᠠ᠃ ᠭᠤᠤᠯᠳᠠᠯᠭ᠎ᠠ ᠲᠠᠢ ᠡᠳ᠋ ᠪᠠᠷᠠᠭ᠎ᠠ᠂ ᠪᠠᠴᠢᠮ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠶᠠᠯᠠᠯ ᠤᠨ ᠵᠠᠮᠭᠠᠷᠠᠮ᠂ ᠭᠠᠷᠠᠮ ᠤᠨ ᠠᠷᠠᠴᠢᠯᠠᠨ ᠬᠠᠮᠠᠭᠠᠯᠠᠬᠤ ᠶᠢ ᠵᠢᠭᠠᠨ ᠵᠢᠯᠤᠭᠤᠳᠴᠤ᠂ ᠣᠩᠭᠤᠴᠠ ᠰᠠᠯ ᠢ ᠳᠠᠩᠰᠠᠯᠠᠬᠤ᠂ ᠪᠠᠶᠢᠴᠠᠭᠠᠨ ᠰᠢᠯᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠭᠠᠨ ᠵᠢᠯᠤᠭᠤᠳᠤᠨ᠎ᠠ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠤᠰᠤᠨ ᠳᠡᠭᠡᠷᠡᠬᠢ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠬᠤᠯᠪᠤᠭᠠᠨ ᠤ ᠠᠶᠠᠯᠠᠯ ᠵᠠᠯᠠᠬᠤ᠂ ᠠᠪᠦᠷᠡᠨ ᠲᠤᠰᠠᠯᠠᠵᠤ ᠱᠦᠭᠦᠬᠦ ᠵᠡᠷᠭᠡ ᠠᠵᠢᠯ ᠢ ᠵᠢᠭᠠᠨ ᠵᠢᠯᠤᠭᠤᠳᠤᠨ᠎ᠠ᠃      ᠬᠠᠷᠢᠭᠤᠴᠠᠯᠭᠠᠲᠠᠨ᠄  ᠭᠦᠸᠧ ᠶᠢᠩ      ᠠᠯᠪᠠᠨ ᠬᠠᠶ᠋ᠢᠭ  ᠄ ᠬᠦᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠨᠣᠮᠧᠷ ᠳ᠋ᠤᠭᠠᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ 7 ᠳ᠋ᠤᠭᠠᠷ ᠳᠠᠪᠬᠤᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂        14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ      ᠬᠠᠷᠢᠯᠴᠠᠬᠤ ᠤᠲᠠᠰᠤ᠄ 0471-6956455  0471-6968738
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号