ᠬᠠᠤᠯᠢ ᠲᠣᠭᠲᠠᠭᠠᠯ ᠤᠨ ᠭᠠᠵᠠᠷ ︵ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ︶
ᠨᠡᠶᠢᠲᠡᠯᠡᠭᠰᠡᠨ ᠴᠠᠭ᠄
2024/4/23
        ᠠᠵᠢᠯ ᠲᠥᠷᠥᠯ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠢᠭᠠᠨ ᠵᠢᠯᠣᠭᠤᠳᠤᠨ᠂ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠦᠷᠢᠮ ᠲᠣᠭᠲᠠᠭᠠᠯ  ᠤᠨ ᠲᠥᠰᠦᠯ ᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠨ᠎ᠡ᠃ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠬᠠᠮᠢᠶᠠᠷᠬᠤ ᠬᠠᠷᠢᠶᠠᠯᠠᠯ ᠢ ᠨᠢ ᠵᠢᠭᠠᠨ ᠲᠣᠭᠲᠠᠭᠠᠭᠰᠠᠨ ᠬᠡᠷᠡᠭ ᠢ ᠳᠠᠭᠠᠭᠠᠨ ᠰᠢᠢᠳᠪᠦᠷᠢᠯᠡᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠬ᠎ᠠ ᠳᠡᠯᠭᠡᠭᠦᠷ ᠤᠨ ᠭᠤᠤᠯᠴᠢ ᠴᠢᠨᠠᠷ ᠤᠨ ᠥᠷᠢᠰᠥᠯᠳᠦᠭᠡᠨ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠳᠤ ᠣᠷᠣᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ  ᠶᠢᠨ ᠪᠠᠶᠢᠭᠤᠯᠤᠯᠲᠠ ᠶᠢ ᠵᠣᠬᠢᠴᠠᠭᠤᠯᠤᠨ᠎ᠠ᠃     ᠬᠠᠷᠢᠭᠤᠴᠠᠯᠭᠠᠲᠠᠨ᠄ ᠯᠢᠦ ᠮᠢᠨ           ᠠᠯᠪᠠᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ 7 ᠳ᠋ᠤᠭᠠᠷ ᠳᠠᠪᠬᠤᠷ     ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂        14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ         ᠬᠠᠷᠢᠯᠴᠠᠬᠤ ᠤᠲᠠᠰᠤ᠄ 0471—6958330 
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号