ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠭᠠᠵᠠᠷ
ᠨᠡᠶᠢᠲᠡᠯᠡᠭᠰᠡᠨ ᠴᠠᠭ᠄
2024/4/23
    ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠭᠡ ᠲᠥᠷᠥᠯ ᠵᠦᠢᠯ ᠢ ᠵᠣᠬᠢᠴᠠᠭᠤᠯᠬᠤ ᠪᠠ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠭᠠᠵᠠᠷ ᠢ ᠬᠠᠷᠢᠭᠤᠴᠠᠨ᠎ᠠ᠃    ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶ᠎ᠠ ᠪᠦᠬᠦᠢ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠦᠬᠦ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠲᠥᠷᠥᠯ ᠵᠦᠢᠯ ᠪᠠᠶᠢᠭᠤᠯᠬᠤ ᠳᠤ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠬᠦ᠂ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠠᠵᠢᠯ ᠢ ᠲᠦᠷᠦᠭᠦᠯᠡᠨ ᠬᠢᠨ᠎ᠡ᠃ ᠣᠷᠣᠨ ᠨᠤᠲᠤᠭ ᠤᠨ ᠲᠡᠮᠦᠷ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶ᠎ᠡ ᠳᠣᠲᠣᠷᠠᠬᠢ ᠣᠷᠣᠨ ᠨᠤᠲᠤᠭ ᠤᠨ ᠲᠡᠮᠦᠷ ᠵᠠᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠵᠡᠷᠭᠡ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠨ ᠵᠢᠯᠣᠭᠤᠳᠴᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ᠎ᠠ᠃ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠢ ᠵᠠᠰᠠᠬᠤ ᠠᠵᠢᠯ ᠢ ᠲᠦᠷᠦᠭᠦᠯᠡᠨ ᠬᠠᠷᠢᠭᠤᠴᠠᠨ᠎ᠠ᠃    ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃    ᠬᠠᠷᠢᠭᠤᠴᠠᠯᠭᠠᠲᠠᠨ᠄ ᠴᠧᠩ ᠭᠦᠸᠧ ᠢ    ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ 2 ᠳ᠋ᠤᠭᠠᠷ ᠳᠠᠪᠬᠤᠷᠭ᠎ᠠ    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂            14᠄ 00-17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠯᠴᠠᠬᠤ ᠣᠳᠠᠰᠣ᠄ 0471 - 6281921
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号