ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠬᠤᠲᠠ ᠶᠢᠨ ᠬᠤᠭᠤᠷᠣᠨᠳᠣᠬᠢ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ ᠶᠢᠨ ᠠᠶᠠᠯᠠᠯ ᠤᠨ ᠠᠵᠢᠯ ᠢ ᠵᠣᠬᠢᠴᠠᠭᠤᠯᠤᠨ ᠠᠬᠢᠭᠤᠯᠤᠨ᠎ᠠ
ᠨᠡᠶᠢᠲᠡᠯᠡᠭᠰᠡᠨ ᠴᠠᠭ᠄
2024/6/18
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠣᠨᠴᠠ ᠪᠠᠷᠠᠭᠠᠨ ᠤ ᠬᠥᠬᠡᠬᠤᠲᠠ ᠳᠠᠬᠢ ᠬᠤᠪᠢᠶᠠᠷᠢ ᠺᠣᠮᠫᠠᠨᠢ ᠪᠣᠯᠣᠨ ᠬᠠᠮᠢᠶ᠎ᠠ ᠪᠦᠬᠦᠢ ᠪᠠᠷᠠᠭᠠᠨ ᠤ ᠢᠷᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠵᠤ ᠵᠣᠯᠭᠠᠭᠤᠯᠤᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠬᠤᠲᠠ ᠶᠢᠨ ᠬᠤᠭᠤᠷᠣᠨᠳᠣᠬᠢ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ ᠠᠶᠠᠯᠠᠬᠤ ᠶᠢ ᠠᠬᠢᠭᠤᠯᠪᠠ᠃    ᠵᠣᠯᠭᠠᠭᠤᠯᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠬᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠶᠢᠨ ᠲᠥᠰᠦᠯ︾᠎ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠵᠠᠰᠠᠭ ᠤᠨ ᠣᠷᠳᠣᠨ ᠲᠠᠪᠴᠠᠩ ᠪᠠᠶᠢᠭᠤᠯᠤᠭᠰᠠᠨ ︽ᠬᠤᠶᠠᠷ ᠢ ᠡᠷᠢᠬᠦ︾ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠲᠡᠭᠡᠭᠡᠪᠦᠷᠢ ᠶᠢᠨ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢ ᠡᠷᠢᠯᠬᠢᠯᠡᠵᠦ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠵᠤ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠦᠢᠯᠡᠳᠪᠦᠷᠢᠯᠡᠯ ᠤᠨ ᠠᠵᠤ ᠠᠬᠤᠶᠢᠯᠠᠯ ᠳᠤ ᠪᠠᠷᠠᠭᠠᠨ ᠤ ᠢᠷᠡᠯᠲᠡ ᠶᠢᠨ ᠪᠠᠲᠤᠯᠠᠭ᠎ᠠ ᠣᠯᠭᠤᠵᠤ᠂ ᠬᠤᠤᠰ ᠠᠮᠵᠢᠯᠲᠠ ᠤᠯᠬᠤ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠣᠷᠣᠯᠴᠠᠭᠰᠠᠨ ᠪᠠᠷᠠᠭᠠᠨ ᠤ ᠢᠷᠡᠯᠲᠡ ᠶᠢᠨ ᠠᠵᠤ ᠠᠬᠤᠶᠢᠯᠠᠯ ᠠᠴᠠ ᠲᠣᠰ ᠪᠡᠶ᠎ᠡ ᠶᠢᠨ ᠦᠢᠯᠡᠳᠬᠦᠨ ᠤ ᠲᠡᠭᠡᠭᠡᠪᠦᠷᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠨ ᠲᠠᠨᠢᠯᠴᠠᠭᠤᠯᠵᠤ᠂ ᠲᠡᠮᠦᠷ ᠵᠠᠮ ᠤᠨ ᠲᠡᠭᠡᠭᠡᠪᠦᠷᠢ ᠶᠢ ᠪᠠᠭᠤᠷᠠᠭᠤᠯᠬᠤ᠂ ᠬᠠᠮᠢᠶ᠎ᠠ ᠪᠥᠬᠦᠶ ᠲᠡᠭᠡᠭᠡᠪᠦᠷᠢ ᠶᠢᠨ ᠰᠤᠯᠠ ᠵᠠᠷᠤᠳᠠᠯ ᠢ ᠬᠠᠰᠤᠵᠤ ᠬᠡᠯᠲᠦᠷᠢᠭᠦᠯᠬᠦ᠂ ᠣᠶᠢᠷ᠎ᠠ ᠰᠢᠯᠵᠢᠭᠦᠯᠦᠨ ᠲᠡᠭᠡᠭᠡᠪᠦᠷᠢᠯᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠬᠤ ᠲᠤᠯᠭᠠᠮ᠎ᠠ ᠬᠡᠷᠡᠭᠴᠡᠭᠡ ᠶᠢ ᠳᠤᠷᠠᠳᠪᠠ︔ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠴᠤ ᠬᠤᠲᠠ ᠶᠢᠨ ᠬᠤᠭᠤᠷᠣᠨᠳᠣᠬᠢ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ ᠶᠢᠨ ᠴᠠᠭ ᠬᠤᠭᠤᠴᠠᠭᠠᠲᠤ ᠴᠢᠨᠠᠷ᠂ ᠶᠡᠭᠡ ᠬᠡᠮᠵᠢᠶ᠎ᠡ ᠪᠠᠷ ᠲᠡᠭᠡᠭᠡᠪᠦᠷᠢᠯᠡᠬᠦ ᠵᠢᠴᠢ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢ ᠴᠢᠩᠭᠡᠯᠢᠭ ᠢᠶᠠᠷ ᠬᠥᠮᠥᠷᠭᠡ ᠣᠷᠣᠯᠠᠭᠤᠯᠬᠤ ᠳᠠᠪᠠᠭᠤᠯᠢᠭ ᠢᠶᠠᠷ ᠰᠣᠯᠢᠯᠴᠠᠭ᠎ᠠ ᠥᠷᠨᠢᠭᠦᠯᠪᠡ︔ ︽ᠵᠠᠰᠠᠭ ᠠᠵᠤ ᠠᠬᠤᠶᠢᠯᠠᠯ ᠲᠡᠭᠡᠭᠡᠪᠦᠷᠢ︾᠎ ᠶᠢᠨ ᠭᠤᠷᠪᠠᠨ ᠲᠠᠯ᠎ᠠ ᠶᠢ ᠵᠣᠯᠭᠠᠭᠤᠯᠬᠤ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠡᠮᠦᠷ ᠵᠠᠮ ᠤᠨ ᠲᠡᠭᠡᠭᠡᠪᠦᠷᠢ ᠶᠢᠨ 25% ᠲᠡᠭᠡᠭᠡᠪᠦᠷᠢ ᠶᠢᠨ ᠵᠠᠷᠤᠳᠠᠯ ᠢ ᠬᠠᠰᠤᠵᠤ ᠬᠡᠯᠲᠦᠷᠢᠭᠦᠯᠬᠦ ᠶᠢᠨ ᠬᠠᠮᠲᠤ ᠲᠡᠮᠦᠷ ᠵᠠᠮ ᠤᠨ ᠲᠡᠭᠡᠭᠡᠪᠦᠷᠢ ᠶᠢᠨ ᠪᠠᠲᠤᠯᠠᠭᠠᠲᠤ ᠵᠠᠷᠤᠳᠠᠯ ᠢ ᠬᠠᠰᠤᠵᠤ ᠬᠡᠯᠲᠦᠷᠢᠭᠦᠯᠬᠦ ᠶᠢ ᠪᠠᠲᠤᠯᠠᠵᠤ᠂ ᠬᠥᠬᠡᠬᠤᠲᠠ — ᠯᠦᠸᠧ ᠾᠧ ᠶᠢᠨ ᠬᠤᠲᠠ ᠶᠢᠨ ᠬᠤᠭᠤᠷᠣᠨᠳᠣᠬᠢ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ 7 ᠳ᠋ᠤᠭᠠᠷ ᠰᠠᠷ᠎ᠠ ᠠᠴᠠ ᠡᠬᠢᠯᠡᠨ ᠠᠶᠠᠯᠠᠬᠤ ᠶᠢ ᠠᠬᠢᠭᠤᠯᠪᠠ᠃    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠡᠯ᠎ᠡ ᠭᠠᠵᠠᠷ ᠤᠨ ᠨᠠᠩ ᠣᠯᠠᠨ ︽ᠵᠠᠰᠠᠭ ᠠᠵᠤ ᠠᠬᠤᠶᠢᠯᠠᠯ ᠲᠡᠭᠡᠭᠡᠪᠦᠷᠢ︾᠎ ᠶᠢᠨ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠠᠬᠢᠭᠤᠯᠵᠤ᠂ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号