ᠮᠠᠨ ᠤ ᠣᠷᠣᠨ ᠤ ᠶᠢᠰᠦᠨ ᠰᠠᠯᠠᠭ᠎ᠠ ᠮᠥᠴᠢᠷ ᠬᠠᠮᠲᠤᠷᠠᠨ ᠬᠡᠷᠡᠭᠵᠢᠭᠦᠯᠬᠦ ᠲᠥᠰᠦᠯ ᠨᠡᠶᠢᠲᠡᠯᠡᠵᠦ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾᠂ ︽ᠨᠢᠭᠡ ᠴᠢᠩᠬᠡᠯᠢᠭ ᠤᠨ ᠲᠦᠷᠢᠮ︾᠎ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2024/7/16
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠶᠢᠰᠦᠨ ᠰᠠᠯᠠᠭ᠎ᠠ ᠮᠥᠴᠢᠷ ᠬᠠᠮᠲᠤᠷᠠᠨ ︽ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︿ᠨᠢᠭᠡ ᠪᠠᠷᠢᠮᠲᠠ ᠶᠢᠨ ᠲᠦᠷᠢᠮ﹀ ︿ᠨᠢᠭᠡ ᠴᠢᠩᠬᠡᠯᠢᠭ ᠤᠨ ᠲᠦᠷᠢᠮ﹀᠎ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ  ᠲᠥᠰᠦᠯ︾ ᠭᠡᠵᠦ ᠲᠣᠪᠴᠢᠯᠠᠨ᠎ᠠ︶᠎ ᠢ ᠨᠡᠶᠢᠲᠡᠯᠡᠵᠦ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠨᠡᠩ ᠰᠠᠶᠢᠨ ᠦᠢᠯᠡᠴᠢᠯᠡᠭᠡ ᠪᠠᠷ ︽ᠡᠳ᠋ ᠪᠣᠳᠠᠰ ᠢ ᠰᠠᠭᠠᠳ ᠥᠬᠡᠶ ᠨᠡᠪᠲᠡᠷᠡᠭᠦᠯᠬᠦ︾᠎ ᠶᠢ ᠪᠡᠶᠡᠯᠡᠭᠦᠯᠬᠦ ᠳᠤ ᠲᠤᠯᠭᠠᠭᠤᠷᠢᠯᠠᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠴᠢᠨᠠᠷ ᠰᠠᠶᠢᠲᠠᠢ ᠠᠬᠢᠭᠤᠯᠤᠨ᠎ᠠ᠃      ︽ᠬᠡᠷᠡᠭᠵᠢᠭᠦᠯᠬᠦ ᠲᠥᠰᠦᠯ︾᠎ ᠳᠤ ᠵᠢᠷᠭᠤᠭᠠᠨ ᠲᠠᠯ᠎ᠠ ᠠᠴᠠ ᠭᠤᠣᠯ ᠡᠭᠦᠷᠭᠡ ᠶᠢ ᠳᠤᠷᠠᠳᠤᠨ ᠭᠠᠷᠭᠠᠪᠠ     ᠨᠢᠭᠡ ᠳᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠲᠡᠮᠦᠷ ᠵᠠᠮ᠂ ᠵᠠᠰᠠᠮᠠᠯ ᠵᠠᠮ ᠵᠡᠷᠭᠡ ᠶᠢᠨ ᠲᠤᠭ᠎ᠠ ᠪᠠᠷᠢᠮᠲᠠ ᠶᠢ ᠴᠢᠯᠥᠭᠡᠲᠡᠶ ᠪᠣᠯᠭᠠᠬᠤ ᠶᠢ ᠠᠬᠢᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠮᠡᠳᠡᠭᠡ ᠵᠠᠩᠭᠢ ᠶᠢᠨ ᠬᠤᠷᠠᠮᠠᠯ ᠦᠶᠯᠡᠴᠢᠯᠡᠭᠡᠨ ᠤ ᠬᠥᠭᠵᠢᠯᠲᠡ ᠶᠢ ᠳᠡᠮᠵᠢᠵᠦ᠂ ᠪᠠᠷᠢᠮᠵᠢᠶᠠᠵᠢᠭᠰᠠᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠎ ᠶᠢᠨ ᠡᠯᠧᠺᠲᠷᠣᠨ ᠲᠡᠭᠡᠭᠡᠪᠦᠷᠢ ᠶᠢᠨ ᠪᠠᠷᠢᠮᠲᠠ ᠶᠢ ᠳᠡᠯᠭᠡᠷᠡᠭᠦᠯᠦᠨ᠂ ᠮᠡᠳᠡᠭᠡ ᠵᠠᠩᠭᠢᠴᠢᠯᠠᠯᠲᠠ᠂ ᠡᠯᠧᠺᠲᠷᠤᠨᠵᠢᠯᠳᠡ ᠎ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠤᠭ᠎ᠠ ᠪᠠᠷᠢᠮᠲᠠ ᠎ ᠶᠢᠨ ᠮᠡᠳᠡᠭᠡ ᠵᠠᠩᠭᠢ ᠶᠢᠨ ᠪᠠᠬᠢᠯᠡᠯᠲᠡ ᠶᠢ ᠨᠡᠪᠲᠡᠷᠡᠭᠦᠯᠦᠨ᠎ᠡ᠃      ᠬᠤᠶᠠᠷ ᠲᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠳᠦᠷᠢᠮ︾ ᠎ ᠤᠨ ᠦᠢᠯᠡᠴᠢᠯᠡᠭᠡᠨ ᠤ ᠴᠢᠳᠠᠮᠵᠢ ᠶᠢ ᠬᠥᠭᠵᠢᠭᠦᠯᠦᠨ᠎ᠡ᠃ ᠲᠡᠮᠦᠷ ᠵᠠᠮ ᠢᠶᠠᠷ ᠭᠤᠤᠯ ᠪᠣᠯᠭᠠᠭᠰᠠᠨ ᠣᠯᠠᠨ ᠬᠡᠯᠪᠡᠷᠢ ᠎ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠠᠭᠤᠳᠠᠰᠤ ᠪᠠᠷᠢᠮᠲᠠ ᠶᠢᠨ ᠪᠣᠳᠠᠰ ᠤᠨ ᠡᠷᠬᠡ ᠶᠢ ᠰᠦᠪᠡᠭᠴᠢᠯᠡᠨ ᠠᠬᠢᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾᠎ ᠤᠨ ᠮᠥᠩᠭᠦᠨ ᠭᠦᠶᠯᠭᠡᠭᠡᠨ ᠤ ᠳᠠᠭᠠᠳᠬᠠᠯ ᠤᠨ ᠦᠶᠯᠡᠴᠢᠯᠡᠭᠡ ᠶᠢ ᠬᠥᠭᠵᠢᠭᠦᠯᠦᠨ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾᠎ ᠤᠨ ᠪᠣᠭᠤᠮᠲᠠ ᠪᠠᠷ ᠥᠩᠭᠡᠷᠡᠬᠦ ᠶᠢᠨ ᠬᠢᠨᠠᠯᠲᠠ ᠬᠠᠮᠢᠶᠠᠷᠤᠯᠲᠠ ᠎ ᠶᠢ ᠰᠢᠯᠢᠳᠡᠭᠵᠢᠭᠦᠯᠦᠨ᠎ᠡ᠃    ᠭᠤᠷᠪᠠ ᠳᠤ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠴᠢᠩᠭᠡᠯᠢᠭ ᠤᠨ ᠲᠦᠷᠢᠮ︾᠎ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠵᠠᠮ ᠵᠠᠭᠤᠷ᠎ᠠ ᠴᠢᠩᠭᠡᠯᠢᠭ ᠰᠣᠯᠢᠬᠤ ᠥᠬᠡᠶ︾ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ︽ᠪᠥᠬᠦ ᠶᠠᠪᠤᠴᠠ ᠳᠤ ᠴᠢᠩᠭᠡᠯᠢᠭ ᠨᠡᠭᠡᠭᠡᠬᠦ ᠥᠬᠡᠶ︾ ᠴᠤᠪᠤᠷᠠᠯ ᠤᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ︽ᠨᠢᠭᠡ ᠴᠢᠩᠭᠡᠯᠢᠭ ᠢᠶᠠᠷ ᠡᠴᠦᠰ ᠲᠤ ᠲᠤᠯᠲᠠᠯ᠎ᠠ ᠬᠦᠷᠭᠡᠬᠦ︾ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃     ᠳᠥᠷᠪᠡ ᠳᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠶᠡᠭᠡ ᠪᠠᠷ ᠪᠣᠶᠢᠵᠢᠭᠤᠯᠤᠨ᠎ᠠ᠃ ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ︾᠎ ᠲᠠᠢ ᠤᠶᠠᠯᠳᠤᠭᠤᠯᠤᠨ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠠᠮᠢᠶ᠎ᠠ ᠪᠥᠬᠦᠶ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠭᠤᠣᠯᠯᠠᠭᠴᠢ ᠠᠵᠤ ᠠᠬᠤᠶᠢᠯᠠᠯ ᠤᠨ ᠣᠯᠠᠨ ᠬᠡᠯᠪᠡᠷᠢ ᠎ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠵᠣᠷᠢᠭᠵᠢᠭᠤᠯᠤᠨ᠎ᠠ᠃     ᠲᠠᠪᠤ ᠳᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠠᠵᠤ ᠠᠬᠤᠶ ᠶᠢᠨ ᠲᠣᠭᠤᠷᠢᠭ᠂ ᠮᠠᠨᠵᠤᠤᠷ᠂ ᠡᠷᠢᠶᠡᠨ ᠬᠤᠲᠠ᠂ ᠭᠠᠭᠴᠠᠮᠤᠳᠤ᠂ ᠴᠡᠭᠡ᠂ ᠮᠠᠨᠳᠤᠯ ᠴᠢᠬᠤᠯᠠ ᠪᠣᠭᠤᠮᠲᠠ ᠶᠢᠨ ᠠᠵᠤ ᠠᠬᠤᠶ ᠶᠢᠨ ᠪᠦᠰᠡ ᠶᠢᠨ ᠨᠡᠶᠢᠲᠡᠯᠢᠭ ᠵᠢᠱᠢᠶ᠎ᠡ ᠶᠢᠨ ᠠᠬᠤᠶ ᠲᠠᠯᠠᠪᠠᠶ ᠳᠤ ︽ᠨᠢᠭᠡ ᠪᠠᠷᠢᠮᠲᠠ ᠶᠢᠨ ᠲᠦᠷᠢᠮ︾᠂ ︽ᠨᠢᠭᠡ ᠴᠢᠩᠬᠡᠯᠢᠭ ᠤᠨ ᠲᠦᠷᠢᠮ︾᠎ ᠤᠨ ᠬᠡᠷᠡᠭᠯᠡᠯᠲᠡ ᠶᠢ ᠠᠬᠢᠭᠤᠯᠤᠨ᠎ᠠ᠃    ᠵᠢᠷᠭᠤᠭ᠎ᠠ ᠳᠤ᠂ ᠠᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号