︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠤᠨ᠎ᠠ — ᠡᠨᠡ ᠶᠡᠭᠡ ᠬᠥᠭᠦᠷᠭᠡ ᠶᠢᠨ ᠠᠩᠬᠠᠳᠠᠭᠴᠢ ᠭᠤᠤᠯ ᠲᠤᠯᠭᠠᠭᠤᠷᠢ ᠶᠢᠨ ᠳᠠᠭᠠᠭᠠᠬᠤ ᠲᠠᠪᠴᠠᠩ ᠢ ᠴᠢᠳᠬᠤᠨ ᠪᠠᠶᠢᠭᠤᠯᠵᠤ ᠳᠠᠭᠤᠰᠬᠠᠪᠠ
ᠨᠡᠶᠢᠲᠡᠯᠡᠭᠰᠡᠨ ᠴᠠᠭ᠄
2024/7/24
202407241048.jpg
    7 ᠳ᠋ᠤᠭᠠᠷ ᠰᠠᠷ᠎ᠠ ᠶᠢᠨ 19᠎ ᠤ ᠡᠳᠦᠷ᠂ 22 ᠴᠠᠭ ᠬᠡᠷᠡᠭᠰᠡᠵᠦ᠂ 110 ᠤᠯᠤᠰ ᠤᠨ ᠵᠠᠮ ᠤᠨ ᠳ᠋ᠧᠩᠺᠸᠤ ᠎ ᠶᠢᠨ ᠬᠠᠲᠤᠨ ᠭᠤᠤᠯ ᠶᠡᠭᠡ ᠬᠥᠭᠦᠷᠭᠡ ᠶᠢᠨ ᠲᠥᠷᠥᠯ ᠵᠦᠶᠯ ᠤᠨ ᠠᠩᠬᠠᠳᠠᠭᠴᠢ ᠭᠤᠤᠯ ᠲᠤᠯᠭᠠᠭᠤᠷᠢ ᠶᠢᠨ ᠳᠠᠭᠠᠭᠠᠬᠤ ᠲᠠᠪᠴᠠᠩ ᠢ ᠠᠮᠵᠢᠯᠲᠠ ᠲᠠᠢ ᠪᠠᠷ ᠴᠢᠳᠬᠤᠨ ᠪᠠᠶᠢᠭᠤᠯᠵᠤ ᠳᠠᠭᠤᠰᠬᠠᠪᠠ᠃
202407241049.jpg
    110 ᠤᠯᠤᠰ ᠤᠨ ᠵᠠᠮ ᠤᠨ ᠳ᠋ᠧᠩᠺᠸᠤ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠪᠦᠬᠦ ᠣᠷᠳᠣ ᠨᠢ 3098 ᠮᠧᠲᠷ᠂ ᠨᠡᠶᠢᠲᠡ 11 ᠭᠤᠣᠯ ᠬᠥᠭᠦᠷᠭᠡ ᠶᠢᠨ ᠲᠤᠯᠭᠠᠭᠤᠷ ᠲᠣᠬᠢᠷᠠᠭᠤᠯᠵᠤ᠂ ᠨᠦᠬᠡ ᠶᠢᠨ ᠠᠯᠭᠠᠰᠠᠯ ᠨᠢ 85 + 10×130 + 85 ᠪᠣᠯᠤᠨ᠎ᠠ᠃ ᠲᠠᠩ ᠭᠠᠭᠴᠠ ᠳᠠᠭᠠᠭᠠᠬᠤ ᠲᠠᠪᠴᠠᠩ ᠢ ᠵᠢᠷᠭᠤᠭᠠᠯᠵᠢᠨ ᠬᠡᠯᠪᠡᠷᠢ ᠲᠠᠢ ᠲᠦᠯᠦᠪᠯᠡᠵᠦ᠂ ᠳᠠᠭᠠᠭᠠᠬᠤ ᠲᠠᠪᠴᠠᠩ ᠤᠨ ᠣᠷᠳᠣ ᠨᠢ 35.6 ᠮᠧᠲᠷ᠂ ᠥᠷᠭᠡᠨ ᠨᠢ 12 ᠮᠧᠲᠷ᠂ ᠥᠨᠳᠥᠷ ᠨᠢ 4.5 ᠮᠧᠲᠷ ᠪᠠᠶᠢᠵᠤ᠂ ᠲᠠᠩ ᠭᠠᠭᠴᠠ ᠳᠠᠭᠠᠭᠠᠬᠤ ᠲᠠᠪᠴᠠᠩ ᠨᠢ 165 ᠲᠣᠨ ᠪᠣᠯᠣᠳ ᠰᠢᠷᠪᠥᠰᠥ ᠬᠡᠷᠡᠭᠯᠡᠵᠦ᠂ ᠨᠢᠭᠡ ᠯᠡ ᠤᠳᠠᠭ᠎ᠠ ᠳᠡᠭᠡᠷ᠎ᠡ ᠴᠢᠳᠬᠤᠨ ᠬᠡᠯᠪᠡᠷᠢᠵᠢᠭᠦᠯᠵᠦ᠂ ᠪᠧᠲ᠋ᠤᠨ ᠢ ᠨᠡᠶᠢᠲᠡ 1700 ᠲᠡᠭᠰᠢ ᠳᠥᠷᠪᠡᠯᠵᠢᠨ ᠬᠡᠷᠡᠭᠯᠡᠪᠡ᠃
202407241050.jpg
     ᠣᠳᠣᠬᠠᠨ ᠳᠤ᠂ ᠬᠠᠲᠤᠨ ᠭᠤᠤᠯ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠶᠮᠠᠨ ᠰᠠᠷ᠎ᠠ ᠶᠢᠨ ᠡᠬᠢᠨ︾᠎ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠳᠠᠭᠠᠭᠠᠬᠤ ᠲᠠᠪᠴᠠᠩ ᠤᠨ ᠪᠠᠷᠢᠯᠭ᠎ᠠ ᠶᠢᠨ ᠣᠷᠴᠢᠨ ᠲᠣᠭᠤᠷᠢᠨ ᠪᠤᠳᠤᠯᠢᠶᠠᠨᠲᠠᠶ᠂ ᠶᠡᠭᠡ ᠬᠡᠪᠴᠢᠶᠡᠨ ᠤ ᠪᠧᠲ᠋ᠤᠨ ᠨᠢ ᠦᠷᠭᠦᠯᠵᠢᠯᠡᠨ ᠴᠢᠳᠬᠤᠬᠤ ᠴᠠᠭ ᠨᠢ ᠣᠷᠳᠣ᠂ ᠤᠰᠤᠵᠢᠬᠤ ᠢᠯᠴᠢ ᠨᠢ ᠥᠨᠳᠥᠷ᠂ ᠠᠪᠴᠢᠯᠲᠠ ᠶᠢᠨ ᠬᠡᠮᠵᠢᠶ᠎ᠡ ᠨᠢ ᠶᠡᠭᠡ᠂ ᠠᠮᠠᠷᠬᠠᠨ ᠬᠠᠭᠠᠷᠠᠬᠤ ᠵᠡᠷᠭᠡ ᠮᠡᠷᠭᠡᠵᠢᠯ ᠤᠨ ᠬᠦᠴᠢᠷ ᠰᠡᠳᠦᠪ ᠲᠠᠢ ᠪᠠᠶᠢᠵᠤ᠂ ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠭᠤᠤᠯ ᠤᠨ ᠪᠠᠶᠢᠳᠠᠯ ᠢ ᠠᠵᠢᠭᠯᠠᠨ ᠬᠡᠮᠵᠢᠬᠦ ᠪᠠᠨ ᠦᠷᠭᠦᠯᠵᠢᠯᠡᠨ ᠴᠢᠩᠭᠠᠳᠬᠠᠵᠤ᠂ ᠳᠡᠭᠡᠳᠦ ᠤᠷᠤᠰᠬᠠᠯ ᠤᠨ ᠤᠰᠤᠨ ᠰᠢᠨᠵᠢᠯᠡᠭᠡᠨ ᠤ ᠥᠷᠲᠡᠭᠡ ᠲᠠᠢ ᠬᠤᠤᠰ ᠴᠢᠭᠯᠡᠯ ᠎ ᠢᠶᠠᠷ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠤᠷᠢᠳᠴᠢᠯᠠᠨ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠨᠠᠷᠢᠨ ᠪᠣᠳᠠᠲᠠᠶ ᠨᠠᠶᠢᠳᠠᠪᠤᠷᠢᠲᠠᠶ ᠲᠤᠰᠬᠠᠶ ᠵᠦᠶᠯ ᠤᠨ ᠪᠠᠷᠢᠯᠭ᠎ᠠ ᠶᠢᠨ ᠲᠥᠰᠦᠯ ᠲᠣᠭᠲᠠᠭᠠᠵᠤ᠂ ᠳᠠᠭᠠᠭᠠᠬᠤ ᠲᠠᠪᠴᠠᠩ ᠤᠨ ᠳᠣᠲᠣᠭᠠᠳᠤ ᠳᠤ ᠬᠥᠷᠥᠭᠡᠬᠦ ᠤᠰᠤᠨ ᠤ ᠡᠷᠭᠢᠯᠲᠡ ᠶᠢᠨ ᠰᠢᠰᠲ᠋ᠧᠮ ᠵᠡᠷᠭᠡ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠶᠠᠰᠤ ᠴᠢᠨᠠᠷ ᠢ ᠪᠠᠲᠤᠯᠠᠬᠤ ᠪᠠᠷ ᠳᠠᠮᠵᠢᠭᠤᠯᠤᠨ ᠠᠩᠬᠠᠳᠠᠭᠴᠢ ᠭᠤᠤᠯ ᠲᠤᠯᠭᠠᠭᠤᠷᠢ ᠶᠢᠨ ᠳᠠᠭᠠᠭᠠᠬᠤ ᠲᠠᠪᠴᠠᠩ ᠢ ᠴᠢᠳᠬᠤᠨ ᠪᠠᠶᠢᠭᠤᠯᠵᠤ ᠳᠠᠭᠤᠰᠬᠠᠪᠠ᠃     ᠲᠣᠰ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠨᠢ ᠤᠯᠤᠰ ᠤᠨ ᠵᠠᠰᠠᠮᠠᠯ ᠵᠠᠮ ᠤᠨ ᠲᠣᠤᠷ ᠤᠨ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠬᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠲᠣᠤᠷ ᠢ ᠲᠡᠭᠦᠯᠳᠡᠷᠵᠢᠭᠦᠯᠬᠦ᠂ ᠣᠷᠣᠨ ᠪᠦᠰᠡ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠲᠣᠤᠷ ᠤᠨ ᠨᠡᠪᠲᠡᠷᠡᠬᠦ ᠴᠢᠳᠠᠪᠤᠷᠢ ᠪᠠ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠴᠢᠬᠤᠯᠠ ᠶᠡᠭᠡ ᠠᠬᠢᠭᠤᠯᠬᠤ ᠦᠶᠯᠡᠳᠦᠯ ᠲᠠᠢ ᠪᠠᠶᠢᠵᠤ᠂ ᠲᠥᠷᠥᠯ ᠵᠦᠶᠯ ᠤᠨ ᠪᠠᠶᠢᠭ᠎ᠠ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠠᠲᠤᠨ ᠭᠤᠤᠯ ᠳᠠᠭᠠᠤ ᠶᠢᠨ ᠰᠠᠪᠠ ᠭᠠᠵᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠥᠮ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号