ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠮᠤᠵᠢ ᠣᠷᠣᠨ ᠪᠦᠰᠡ ᠬᠤᠯᠪᠣᠭᠠᠯᠠᠨ ᠬᠥᠳᠡᠯᠦᠯᠴᠡᠬᠦ ᠪᠠᠷ ᠭᠠᠷᠳᠠᠴᠠ | ᠪᠣᠯᠭᠠᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠬᠠᠤᠯᠢ ᠬᠡᠷᠡᠭᠵᠢᠭᠦᠯᠦᠯᠲᠡ ᠶᠢ | ᠴᠢᠩᠭᠠᠷᠠᠭᠤᠯᠤᠨ᠂ ᠠᠮᠤᠷ ᠲᠦᠪᠰᠢᠨ ᠡᠮᠬᠢ ᠵᠢᠷᠤᠮ ᠲᠠᠢ ᠵᠠᠮ ᠨᠡᠪᠲᠡᠷᠡᠯᠭᠡ ᠶᠢᠨ ᠣᠷᠴᠢᠨ ᠨᠥᠬᠦᠴᠡᠯ ᠢ ᠬᠠᠮᠲᠤ ᠪᠠᠷ | ᠪᠣᠶ ᠪᠣᠯᠭᠠᠪᠠ᠃ | | | | ︽ᠭᠤᠷᠪᠠᠨ ᠮᠤᠵᠢ ᠨᠢᠭᠡ ᠣᠷᠣᠨ︾ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠨᠵᠡᠭᠡᠶ ᠬᠠᠮᠲᠤᠷᠠᠯᠴᠠᠭ᠎ᠠ ᠶᠢ | ᠠᠬᠢᠭᠤᠯᠬᠤ ᠶᠢᠨ ᠲᠥᠯᠥᠭᠡ᠂ ᠮᠠᠨ ᠤ ᠣᠷᠣᠨ ᠬᠠᠷᠠᠮᠦ᠋ᠷᠡᠨ ᠬᠢᠷᠢᠨ ᠯᠢᠶᠣᠤᠨᠢᠩ ᠭᠤᠷᠪᠠᠨ ᠮᠤᠵᠢ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ︽︿ᠭᠤᠷᠪᠠᠨ ᠮᠤᠵᠢ | ᠨᠢᠭᠡ ᠣᠷᠣᠨ﹀ ᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠪᠠᠷᠠᠭᠠᠨ ᠤ ᠲᠡᠷᠭᠡ ᠶᠢᠨ | ᠲᠡᠭᠡᠭᠡᠪᠦᠷᠢ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠬᠠᠮᠲᠤᠷᠠᠨ ᠥᠷᠨᠢᠭᠦᠯᠬᠦ ᠲᠥᠰᠦᠯ︾ ᠢ ᠨᠡᠶᠢᠲᠡᠯᠡᠵᠦ᠂ | ᠲᠦᠷᠭᠡᠨ ᠳᠠᠭᠠᠬᠤ ᠲᠣᠭᠲᠠᠴᠠ᠂ ᠬᠤᠯᠪᠣᠭ᠎ᠠ ᠠᠪᠬᠤ ᠰᠦᠯᠵᠢᠶ᠎ᠡ ᠪᠠᠷ ᠵᠠᠷᠯᠠᠨ ᠮᠡᠳᠡᠭᠳᠡᠵᠦ ᠬᠠᠰᠢᠨ ᠪᠠᠶᠢᠴᠠᠭᠠᠬᠤ ᠶᠢ | ᠬᠠᠮᠵᠢᠯᠴᠠᠨ ᠴᠡᠭᠴᠡᠯᠡᠨ ᠵᠠᠰᠠᠬᠤ᠂ ᠭᠤᠤᠯᠳᠠᠯᠭ᠎ᠠ ᠲᠠᠢ ᠲᠡᠷᠭᠡᠨ ᠬᠡᠯᠪᠡᠷᠢ ᠶᠢᠨ ᠲᠡᠷᠭᠡ ᠬᠥᠰᠬᠡ ᠶᠢ ᠳᠠᠷᠠᠭᠠᠯᠠᠨ | ᠪᠠᠶᠢᠴᠠᠭᠠᠬᠤ᠂ ︽ᠪᠣᠷᠤ᠂ ᠬᠠᠷ᠎ᠠ ᠲᠠᠩᠰᠠ︾ ᠶᠢᠨ ᠬᠤᠯᠪᠣᠭᠠᠯᠠᠨ ᠵᠠᠯᠬᠠᠭᠠᠬᠤ᠂ ᠬᠠᠤᠯᠢ ᠪᠣᠰᠤ ᠠᠵᠢᠯᠯᠠᠭ᠎ᠠ ᠲᠠᠢ | ᠬᠤᠯᠪᠣᠭᠳᠠᠭᠰᠠᠨ ᠰᠦᠪᠡᠭᠴᠢ ᠶᠢ ᠰᠢᠯᠵᠢᠭᠦᠯᠦᠨ ᠬᠦᠷᠭᠡᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ | ᠬᠠᠮᠵᠢᠯᠴᠠᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠣᠭᠲᠠᠮᠠᠯ | ᠬᠤᠭᠤᠴᠠᠭ᠎ᠠ ᠲᠠᠢ ᠪᠠᠷ ᠲᠥᠪᠯᠡᠷᠡᠩᠭᠦᠢ ᠠᠵᠢᠯᠯᠠᠭ᠎ᠠ ᠥᠷᠨᠢᠭᠦᠯᠵᠦ᠂ ᠣᠷᠣᠨ ᠪᠦᠰᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠡᠮᠬᠢ ᠵᠢᠷᠤᠮ ᠢ ᠬᠠᠮᠠᠭᠠᠯᠠᠪᠠ᠃ ᠣᠳᠣᠬᠠᠨ ᠪᠣᠯᠲᠠᠯ᠎ᠠ᠂ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠪᠠᠷ ᠳᠠᠮᠵᠢᠭᠤᠯᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ 1455 ᠪᠠᠷᠠᠭᠠᠨ ᠤ | ᠲᠡᠷᠭᠡ ᠶᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ ᠬᠠᠷᠠᠮᠥ᠋ᠷᠡᠨ᠂ ᠭᠢᠷᠢᠨ᠂ ᠯᠢᠶᠣᠤᠨᠢᠩ ᠮᠤᠵᠢ ᠠᠴᠠ ᠲᠣᠰ ᠲᠣᠰ | 96᠂ 62᠂ 70 ᠵᠡᠷᠭᠡ ᠶᠢ ᠪᠠᠶᠢᠴᠠᠭᠠᠨ ᠰᠢᠢᠳᠪᠦᠷᠢᠯᠡᠪᠡ᠃ ᠡᠭᠦᠨ ᠤ ᠬᠠᠮᠲᠤ ︽ᠨᠢᠭᠡ ᠶᠢ ᠬᠡᠲᠦᠷᠡᠭᠦᠯᠵᠦ | ᠳᠥᠷᠪᠡ ᠶᠢ ᠲᠣᠷᠭᠠᠬᠤ︾ ᠠᠵᠢᠯ ᠢ ᠴᠢᠩᠭᠠᠳᠬᠠᠬᠤ ᠶᠢᠨ ᠬᠠᠮᠲᠤ᠂ ᠬᠤᠯᠪᠣᠭᠳᠠᠯ ᠪᠥᠬᠦᠶ ᠲᠡᠷᠭᠡ ᠬᠥᠰᠬᠡ ᠶᠢᠨ | ᠮᠡᠳᠡᠭᠡ ᠵᠠᠩᠭᠢ ᠶᠢ ᠪᠠᠶᠢᠭ᠎ᠠ ᠮᠤᠵᠢ ᠣᠷᠣᠨ ᠳᠤ ᠴᠠᠭ ᠲᠤᠬᠠᠶ ᠳᠤ ᠨᠢ ᠬᠠᠭᠤᠯᠤᠨ ᠮᠡᠳᠡᠭᠳᠡᠵᠦ᠂ ᠡᠨᠡ ᠵᠢᠯ ᠤᠨ | ᠬᠤᠶᠠᠳᠤᠭᠠᠷ ᠤᠯᠠᠷᠢᠯ ᠠᠴᠠ ᠨᠠᠭᠠᠰᠢ ᠬᠠᠷᠠᠮᠥ᠋ᠷᠡᠨ᠂ ᠭᠢᠷᠢᠨ᠂ ᠯᠢᠶᠣᠤᠨᠢᠩ ᠮᠤᠵᠢ ᠳᠤ ᠣᠷᠣᠨ ᠤ ᠭᠠᠳᠠᠨᠠᠬᠢ | ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢ ᠨᠡᠶᠢᠲᠡ 955 ᠤᠳᠠᠭ᠎ᠠ | ᠬᠠᠭᠤᠯᠤᠨ ᠮᠡᠳᠡᠭᠦᠯᠵᠦ᠂ ᠮᠤᠵᠢ ᠣᠷᠣᠨ ᠠᠯᠤᠰᠯᠠᠭᠰᠠᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ | ᠴᠣᠬᠢᠯᠲᠠ ᠥᠭᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠵᠤ᠂ ᠳᠡᠭᠡᠳᠦ | ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ ᠶᠢᠨ ᠠᠮᠤᠷ ᠲᠦᠪᠰᠢᠨ ᠪᠠ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠪᠠ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠬᠢᠨ ᠪᠠᠰᠠ ᠱᠠᠨ ᠰᠢ᠂ ᠾᠧᠪᠸᠢ᠂ ᠭᠠᠨᠰᠦ ᠵᠡᠷᠭᠡ ᠭᠠᠵᠠᠷ ᠤᠳ ᠲᠠᠢ | ᠬᠠᠤᠯᠢ ᠬᠡᠷᠡᠭᠵᠢᠭᠦᠯᠬᠦ ᠠᠵᠢᠯ ᠳᠤ ᠣᠷᠣᠨ ᠪᠦᠰᠡ ᠬᠠᠮᠵᠢᠯᠴᠠᠨ ᠵᠠᠰᠠᠬᠤ ᠶᠢ ᠦᠷᠨᠢᠭᠦᠯᠬᠦ᠂ ᠬᠠᠤᠯᠢ | ᠬᠡᠷᠡᠭᠵᠢᠭᠦᠯᠦᠯᠲᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠤᠨ ᠲᠤᠬᠠᠶ ᠭᠦᠨᠵᠡᠭᠡᠶ ᠰᠣᠯᠢᠯᠴᠠᠨ | ᠶᠠᠷᠢᠯᠴᠠᠭᠰᠠᠨ ᠪᠥᠭᠡᠳ ︽ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠬᠤ ᠶᠢ ᠵᠠᠰᠠᠬᠤ ᠬᠤᠯᠪᠣᠭᠠᠯᠠᠨ ᠠᠵᠢᠯᠯᠠᠵᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠵᠥᠪᠯᠡᠯᠴᠡᠭᠡᠷ︾ | ᠲᠣᠭᠲᠠᠵᠤ᠂ ᠳᠥᠷᠪᠡᠨ ᠮᠤᠵᠢ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠬᠤᠯᠪᠣᠭᠠᠯᠠᠨ ᠠᠵᠢᠯᠯᠠᠵᠤ ᠬᠤᠯᠪᠣᠭᠠᠯᠠᠨ ᠬᠥᠳᠡᠯᠦᠯᠴᠡᠬᠦ ᠠᠵᠢᠯ ᠢ | ᠵᠣᠬᠢᠴᠠᠭᠤᠯᠬᠤ ᠳᠤ ᠬᠠᠮᠲᠤ ᠶᠢᠨ ᠲᠠᠨᠢᠯᠲᠠ ᠲᠠᠢ ᠪᠣᠯᠵᠣ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ | ᠪᠡᠶᠡᠯᠡᠭᠦᠯᠦᠨ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠵᠤ᠂ ᠮᠤᠵᠢ ᠶᠢᠨ ᠬᠤᠭᠤᠷᠣᠨᠳᠣᠬᠢ᠂ ᠵᠠᠮ ᠤᠨ | ᠴᠠᠭᠳᠠᠭ᠎ᠠ ᠶᠢᠨ ᠬᠠᠤᠯᠢ ᠬᠡᠷᠡᠭᠵᠢᠭᠦᠯᠦᠯᠲᠡ ᠶᠢ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠠᠮᠤᠷ | ᠲᠦᠪᠰᠢᠨ ᠡᠮᠬᠢ ᠵᠢᠷᠤᠮ ᠲᠠᠢ ᠵᠠᠮ ᠨᠡᠪᠲᠡᠷᠡᠯᠭᠡ ᠶᠢᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠨ᠎ᠠ᠃ | |