ᠣᠷᠳᠣᠰ ᠤᠨ ᠨᠢᠰᠭᠡᠯ ᠤᠨ ᠪᠠᠭᠤᠳᠠᠯ ᠤᠨ ᠪᠦᠯᠦᠭᠯᠡᠯ ᠨᠢ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠪᠠ
ᠨᠡᠶᠢᠲᠡᠯᠡᠭᠰᠡᠨ ᠴᠠᠭ᠄
2024/8/26
    ᠣᠶᠢᠷ᠎ᠠ ᠳᠤ᠂ ᠣᠷᠳᠣᠰ ᠬᠤᠲᠠ ᠶᠢᠨ ᠳᠣᠤᠷ᠎ᠠ ᠠᠭᠠᠷ ᠤᠨ ᠨᠢᠰᠦᠯᠲᠡ ᠶᠢᠨ ᠠᠵᠤ ᠠᠬᠤᠶ ᠶᠢᠨ ᠬᠥᠭᠵᠢᠯᠲᠡ ᠎ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠷᠳᠣᠰ ᠨᠢᠰᠬᠡᠯ ᠤᠨ ᠪᠠᠭᠤᠳᠠᠯ ᠤᠨ ᠪᠦᠯᠦᠭᠯᠡᠯ ᠠᠳᠠᠯᠢ ᠪᠤᠰᠤ ᠬᠦᠷᠢᠶᠡᠨ ᠳᠤ ᠣᠯᠠᠨ ᠵᠦᠶᠯ ᠤᠨ ᠰᠢᠨ᠎ᠡ ᠡᠭᠦᠳᠦᠯᠲᠡ ᠶᠢᠨ ᠲᠤᠷᠰᠢᠨ ᠨᠢᠰᠬᠦ ᠠᠵᠢᠯᠯᠠᠭ᠎ᠠ ᠥᠷᠨᠢᠭᠦᠯᠪᠡ᠃     7 ᠳ᠋ᠤᠭᠠᠷ ᠰᠠᠷ᠎ᠠ ᠶᠢᠨ 24᠎ ᠤ ᠡᠳᠦᠷ᠂ ᠣᠲᠤᠭ ᠤᠨ ᠡᠮᠦᠨᠡᠲᠦ ᠬᠤᠰᠢᠭᠤᠨ ᠤ ᠨᠢᠰᠬᠡᠯ ᠤᠨ ᠪᠠᠭᠤᠳᠠᠯ ᠪᠣᠯᠤᠨ ᠥᠪᠥᠷ ᠮᠣᠩᠭᠤᠯ ᠤᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠺᠣᠮᠫᠠᠨᠢ ᠨᠢᠭᠲᠠ ᠬᠤᠯᠪᠣᠭᠠᠯᠠᠨ᠂ ᠣᠲᠤᠭ ᠎ ᠤᠨ ᠡᠮᠦᠨᠡᠲᠦ ᠬᠤᠰᠢᠭᠤᠨ ᠤ ᠠᠭᠠᠷ ᠢᠶᠠᠷ ᠲᠣᠭᠤᠷᠢᠨ ᠦᠵᠡᠬᠦ ᠲᠥᠷᠥᠯ ᠵᠦᠶᠯ ᠤᠨ ᠲᠤᠷᠰᠢᠨ ᠠᠵᠢᠯᠯᠠᠭᠤᠯᠬᠤ ᠠᠵᠢᠯ ᠢ ᠠᠮᠵᠢᠯᠲᠠ ᠲᠠᠢ ᠡᠬᠢᠯᠡᠭᠦᠯᠪᠡ᠃ ᠲᠣᠰ ᠤᠳᠠᠭᠠᠨ ᠤ ᠲᠤᠷᠰᠢᠨ ᠨᠢᠰᠦᠯᠲᠡ ᠳᠤ ᠣᠯᠠᠨ ᠠᠳᠠᠯᠢ ᠪᠤᠰᠤ ᠨᠠᠰᠤᠨ ᠤ ᠵᠢᠭᠤᠯᠴᠢᠳ ᠢᠳᠡᠪᠬᠢᠲᠡᠢ ᠣᠷᠣᠯᠴᠠᠵᠤ᠂ ᠣᠲᠤᠭ ᠤᠨ ᠡᠮᠦᠨᠡᠲᠦ ᠬᠤᠰᠢᠭᠤᠨ ᠤ ᠰᠦᠷᠯᠢᠭ ᠰᠠᠶᠢᠬᠠᠨ ᠥᠩᠭᠡ ᠦᠵᠡᠮᠵᠢ ᠶᠢ ᠰᠣᠨᠢᠷᠬᠠᠨ᠂ ᠨᠢᠭᠡ ᠤᠳᠠᠭᠠᠨ ᠤ ᠮᠠᠷᠲᠠᠭᠳᠠᠰᠢ ᠥᠬᠡᠶ ᠨᠢᠰᠦᠯᠲᠡ ᠶᠢ ᠦᠩᠭᠡᠷᠡᠭᠡᠪᠡ᠃ ᠡᠨᠡ ᠎ ᠨᠢ ᠣᠲᠤᠭ ᠤᠨ ᠡᠮᠦᠨᠡᠲᠦ ᠬᠤᠰᠢᠭᠤᠨ ᠤ ᠨᠡᠪᠲᠡᠷᠡᠭᠦᠯᠦᠭᠰᠡᠨ ᠠᠩᠬᠠᠳᠠᠭᠴᠢ ᠠᠭᠠᠷ ᠤᠨ ᠠᠶᠠᠯᠠᠯ ᠵᠢᠭᠤᠯᠴᠢᠯᠠᠯ ᠤᠨ ᠱᠤᠭᠤᠮ ᠪᠣᠯᠬᠤ ᠪᠠᠷ ᠪᠠᠷᠠᠬᠤ ᠥᠬᠡᠶ᠂ ᠨᠠᠩ ᠴᠤ ᠣᠷᠳᠣᠰ ᠬᠤᠲᠠ ᠶᠢᠨ ᠳᠣᠤᠷ᠎ᠠ ᠠᠭᠠᠷ ᠤᠨ ᠨᠢᠰᠦᠯᠲᠡ ᠶᠢᠨ ᠵᠢᠭᠤᠯᠴᠢᠯᠠᠯ ᠤᠨ ᠬᠦᠷᠢᠶᠡᠨ ᠳᠠᠬᠢ ᠵᠠᠩᠭᠢᠯᠠᠭ᠎ᠠ ᠶᠢᠨ ᠨᠢᠭᠡ ᠠᠯᠬᠤᠮ ᠪᠣᠯᠤᠨ᠎ᠠ᠃
202408221813.jpg
    8 ᠳ᠋ᠤᠭᠠᠷ ᠰᠠᠷ᠎ᠠ ᠶᠢᠨ 1᠎ ᠤ ᠡᠳᠦᠷ᠂ ᠣᠷᠳᠣᠰ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠹᠧᠶ ᠫᠧᠩ ᠴᠠᠭ ᠦᠶ᠎ᠡ ᠶᠢᠨ ᠺᠣᠮᠫᠠᠨᠢ ᠲᠠᠢ ᠬᠠᠮᠲᠤᠷᠠᠨ ᠣᠷᠳᠣᠰ ᠤᠨ ᠲᠥᠪ ᠴᠢᠰᠤᠨ ᠤ ᠥᠷᠲᠡᠭᠡ ᠳᠤ ᠵᠢᠯᠣᠭᠤᠴᠢ ᠥᠬᠡᠶ ᠨᠢᠰᠬᠡᠯ ᠎ ᠤᠨ ᠴᠢᠰᠤ ᠵᠥᠭᠡᠭᠡᠪᠦᠷᠢᠯᠡᠬᠦ ᠲᠤᠷᠰᠢᠨ ᠨᠢᠰᠦᠯᠲᠡ ᠶᠢ ᠦᠷᠨᠢᠭᠦᠯᠭᠡ᠃ ᠲᠣᠰ ᠤᠳᠠᠭᠠᠨ ᠤ ᠲᠤᠷᠰᠢᠨ ᠨᠢᠰᠦᠯᠲᠡ ᠨᠢ ᠵᠢᠯᠣᠭᠤᠴᠢ ᠥᠬᠡᠶ ᠨᠢᠰᠬᠡᠯ ᠤᠨ ᠡᠮᠴᠢᠯᠡᠭᠡᠨ ᠤ ᠪᠠᠴᠢᠮ ᠠᠪᠤᠷᠠᠯᠳᠠ ᠶᠢᠨ ᠬᠦᠷᠢᠶᠡᠨ ᠳᠠᠬᠢ ᠬᠡᠷᠡᠭᠯᠡᠭᠡᠨ ᠤ ᠳᠠᠯᠳᠠ ᠬᠦᠴᠦᠨ ᠢ ᠰᠦᠪᠡᠭᠴᠢᠯᠡᠬᠦ ᠶᠢᠨ ᠲᠥᠯᠥᠭᠡ ᠶᠤᠮ᠃ ᠴᠢᠰᠤᠨ ᠤ ᠦᠯᠢᠭᠡᠷ ᠤᠨ ᠲᠤᠰᠬᠠᠶ ᠬᠡᠷᠡᠭᠯᠡᠬᠦ ᠲᠣᠭᠲᠠᠮᠠᠯ ᠳᠤᠯᠠᠭᠠᠨᠲᠤ ᠬᠠᠶᠢᠷᠴᠠᠭ ᠢ ᠲᠡᠭᠡᠭᠡᠭᠰᠡᠨ ᠵᠢᠯᠣᠭᠤᠴᠢ ᠥᠬᠡᠶ ᠨᠢᠰᠬᠡᠯ ᠨᠢ ᠣᠬᠤᠷᠬᠠᠨ ᠬᠤᠭᠤᠴᠠᠭᠠᠨ ᠳᠤ ᠴᠢᠰᠤᠨ ᠤ ᠦᠯᠢᠭᠡᠷ ᠢ ᠬᠤᠲᠠ ᠶᠢᠨ ᠲᠥᠪ ᠴᠢᠰᠤᠨ ᠤ ᠥᠷᠲᠡᠭᠡ ᠠᠴᠠ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠬᠢᠶ᠎ᠠ ᠪᠠᠭᠰᠢ ᠶᠢᠨ ᠬᠡᠰᠡᠭ ᠲᠤ ᠤᠷᠤᠭᠰᠢᠲᠠᠶ ᠬᠦᠷᠭᠡᠵᠦ᠂ ᠴᠢᠰᠤ ᠲᠣᠬᠢᠷᠠᠭᠤᠯᠤᠨ ᠬᠦᠷᠭᠡᠬᠦ ᠴᠠᠭ ᠢ ᠪᠦᠲᠦᠮᠵᠢᠲᠡᠶ ᠪᠣᠭᠤᠨᠢᠰᠬᠠᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠴᠠᠭ ᠲᠤᠬᠠᠶᠢᠴᠢ ᠴᠢᠨᠠᠷ ᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ ᠡᠨᠡ ᠬᠦ ᠰᠢᠨ᠎ᠡ ᠡᠭᠦᠳᠦᠯᠲᠡ ᠶᠢᠨ ᠠᠷᠭ᠎ᠠ ᠬᠡᠮᠵᠢᠶ᠎ᠡ ᠨᠢ ᠤᠯᠠᠮᠵᠢᠯᠠᠯᠲᠤ ᠭᠠᠵᠠᠷ ᠳᠡᠭᠡᠷᠡᠬᠢ ᠵᠠᠮ ᠬᠠᠷᠢᠯᠴᠠᠭᠠᠨ ᠤ ᠪᠠᠴᠢᠮ ᠴᠢᠰᠤ ᠬᠦᠷᠭᠡᠬᠦ ᠶᠠᠪᠤᠴᠠ ᠳᠤ ᠲᠣᠬᠢᠶᠠᠯᠳᠤᠵᠤ ᠮᠡᠳᠡᠬᠦ ᠲᠦᠭᠵᠢᠷᠡᠯ ᠤᠨ ᠠᠰᠠᠭᠤᠳᠠᠯ ᠢ ᠠᠮᠵᠢᠯᠲᠠ ᠲᠠᠢ ᠰᠢᠶᠳᠪᠦᠷᠢᠯᠡᠵᠦ᠂ ᠣᠷᠳᠣᠰ ᠬᠤᠲᠠ ᠶᠢᠨ ᠵᠢᠯᠣᠭᠤᠴᠢ ᠥᠬᠡᠶ ᠨᠢᠰᠬᠡᠯ ᠤᠨ ᠴᠢᠰᠤ ᠵᠥᠭᠡᠭᠡᠪᠦᠷᠢᠯᠡᠬᠦ ᠠᠵᠢᠯ ︽ᠠᠭᠠᠷ ᠤᠨ ᠲᠦᠷᠭᠡᠨ ᠬᠦᠷᠭᠡᠯᠲᠡ︾᠎ ᠶᠢᠨ ᠴᠠᠭ ᠦᠶ᠎ᠡ ᠳᠤ ᠣᠷᠣᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
202408261133.jpg
202408221819.jpg
     8 ᠳ᠋ᠤᠭᠠᠷ ᠰᠠᠷ᠎ᠠ ᠶᠢᠨ 15᠎ ᠤ ᠡᠳᠦᠷ᠂ ᠣᠷᠳᠣᠰ ᠨᠢᠰᠬᠡᠯ ᠤᠨ ᠪᠠᠭᠤᠳᠠᠯ ᠤᠨ ᠪᠦᠯᠦᠭᠯᠡᠯ ᠳᠠᠬᠢᠨᠲᠠ ᠱᠠᠩᠬᠠᠶ ᠎ ᠶᠢᠨ ᠴᠢᠶᠣᠤ ᠹᠧᠩ ᠠᠭᠠᠷ ᠠᠶᠠᠯᠠᠯ ᠤᠨ ᠺᠣᠮᠫᠠᠨᠢ ᠲᠠᠢ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠣᠲᠤᠭ ᠤᠨ ᠡᠮᠦᠨᠡᠲᠦ ᠬᠤᠰᠢᠭᠤᠨ ᠤ ᠨᠢᠰᠬᠡᠯ ᠤᠨ ᠪᠠᠭᠤᠳᠠᠯ ᠳᠤ ᠬᠠᠯᠠᠭᠤᠨ ᠬᠡᠶ ᠪᠥᠮᠪᠦᠭᠡ ᠶᠢᠨ ᠴᠢᠯᠥᠭᠡᠲᠦ ᠨᠢᠰᠦᠯᠲᠡ ᠶᠢᠨ ᠲᠤᠷᠰᠢᠨ ᠨᠢᠰᠬᠦ ᠠᠵᠢᠯᠯᠠᠭ᠎ᠠ ᠥᠷᠨᠢᠭᠦᠯᠪᠡ᠃ ᠬᠠᠯᠠᠭᠤᠨ ᠬᠡᠶ ᠪᠥᠮᠪᠦᠭᠡ ᠨᠢ ᠨᠢᠭᠡ ᠵᠦᠶᠯ ᠤᠨ ᠥᠪᠡᠷᠮᠢᠴᠡ ᠣᠨᠴᠠᠯᠢᠭ ᠲᠠᠢ ᠠᠭᠠᠷ ᠤᠨ ᠨᠢᠰᠦᠭᠦᠷ ᠪᠣᠯᠤᠭᠰᠠᠨ ᠤ ᠬᠤᠪᠢ ᠳᠤ᠂ ᠲᠡᠭᠦᠨ ᠤ ᠠᠯᠭᠤᠷ ᠤᠳᠠᠭᠠᠨ ᠨᠢᠰᠬᠦ ᠬᠤᠷᠳᠤᠴᠠ ᠪᠠ ᠥᠷᠭᠡᠨ ᠳᠡᠯᠭᠡᠷ ᠬᠠᠷᠠᠭ᠎ᠠ ᠪᠠᠷ ᠢᠶᠠᠨ ᠵᠢᠭᠤᠯᠴᠢᠳ ᠲᠤ ᠡᠬᠡ ᠭᠠᠵᠠᠷ ᠢ ᠳᠡᠭᠡᠷ᠎ᠡ ᠠᠴᠠ ᠬᠠᠷᠠᠬᠤ ᠥᠭᠡᠷ᠎ᠡ ᠨᠢᠭᠡ ᠵᠦᠶᠯ ᠤᠨ ᠬᠠᠮᠤᠭ ᠤᠨ ᠰᠠᠶᠢᠨ ᠠᠷᠭ᠎ᠠ ᠬᠡᠯᠪᠡᠷᠢ ᠶᠢ ᠬᠠᠩᠭᠠᠭᠰᠠᠨ ᠪᠠᠶᠢᠨ᠎ᠠ᠃ ᠲᠣᠰ ᠤᠳᠠᠭᠠᠨ ᠤ ᠲᠤᠷᠰᠢᠨ ᠨᠢᠰᠬᠦ ᠠᠵᠢᠯᠯᠠᠭ᠎ᠠ ᠨᠢ ᠣᠷᠳᠣᠰ ᠬᠤᠲᠠ ᠶᠢᠨ ᠳᠣᠤᠷ᠎ᠠ ᠠᠭᠠᠷ ᠤᠨ ᠵᠢᠭᠤᠯᠴᠢᠯᠠᠯ ᠤᠨ ᠦᠶᠯᠡᠳᠬᠦᠨ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠬᠠᠯᠠᠭᠤᠨ ᠬᠡᠶ ᠪᠥᠮᠪᠦᠭᠡ ᠶᠢᠨ ᠬᠥᠳᠡᠯᠭᠡᠭᠡᠨ ᠤ ᠳᠡᠯᠭᠡᠷᠡᠭᠦᠯᠦᠯᠲᠡ ᠪᠠ ᠬᠥᠭᠵᠢᠯᠲᠡ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠪᠠᠶᠢᠨ᠎ᠠ᠃
202408261134.jpg
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号