︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ ᠠᠷᠪᠠᠨ ᠬᠤᠶᠠᠷ ᠰᠠᠯᠠᠭ᠎ᠠ ᠮᠥᠴᠢᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/8
    ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠡᠯ᠎ᠡ ᠠᠶᠢᠮᠠᠭ ᠬᠤᠲᠠ ᠶᠢᠨ ᠬᠤᠪᠢᠶᠠᠷᠢ ᠪᠠᠩᠬᠢ᠂ ᠡᠯ᠎ᠡ ᠠᠶᠢᠮᠠᠭ ᠬᠤᠲᠠ ᠶᠢᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠰᠢᠦᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ᠄     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠦᠭᠡᠷᠡᠢ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ   ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ   ᠤᠯᠤᠰ ᠤᠨ ᠮᠥᠩᠭᠦᠨ ᠭᠦᠶᠯᠭᠡᠭᠡᠨ  ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                               2024 ᠣᠨ ᠤ 7 ᠳ᠋ᠤᠭᠠᠷ ᠰᠠᠷ᠎ᠠ ᠶᠢᠨ 10 ᠤ ᠡᠳᠦᠷ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ      ᠶᠡᠬᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠦᠯ     ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠬᠤ ᠪᠣᠯ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠶᠯᠡᠴᠢᠯᠡᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠶᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠯᠬᠢᠨ ᠠᠬᠢᠭᠤᠯᠬᠤ ᠠᠵᠢᠯ ᠤᠨ ᠡᠯ᠎ᠡ ᠵᠦᠶᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠭᠡ ᠬᠡᠪᠴᠢᠶᠡᠨ  ᠤ ᠲᠥᠬᠦᠭᠡᠷᠦᠮᠵᠢ ᠶᠢ ᠰᠢᠨᠡᠳᠬᠡᠬᠦ ᠠᠵᠢᠯ ᠢ ᠲᠦᠯᠬᠢᠨ ᠠᠬᠢᠭᠤᠯᠬᠤ ᠶᠢᠨ ᠲᠥᠯᠥᠭᠡ᠂ ᠲᠤᠰ ᠬᠡᠷᠡᠭᠵᠢᠭᠦᠯᠬᠦ ᠲᠥᠰᠦᠯ  ᠢ ᠲᠣᠭᠲᠠᠭᠠᠪᠠ᠃     ᠨᠢᠭᠡ᠂ ᠶᠡᠷᠦᠩᠬᠡᠶ ᠬᠠᠷᠠᠯᠲᠠ     ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠶᠢ ᠴᠠᠬᠢᠯᠭᠠᠨᠵᠢᠭᠤᠯᠤᠯᠲᠠ ᠪᠠᠷ ᠣᠷᠣᠯᠠᠭᠤᠯᠬᠤ᠂ ᠬᠠᠭᠤᠴᠢᠷᠠᠭᠰᠠᠨ ᠴᠠᠶᠢᠶ᠋ᠢᠦ ᠲᠣᠰᠣᠨ ᠤ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠲᠡᠷᠭᠡ ᠶᠢ ᠰᠢᠭᠰᠢᠭᠳᠡᠭᠦᠯᠦᠨ ᠰᠢᠨᠡᠳᠬᠡᠬᠦ᠂ ᠬᠠᠭᠤᠴᠢᠷᠠᠭᠰᠠᠨ ᠲᠡᠭᠡᠭᠡᠪᠦᠷᠢ ᠡᠵᠡᠩᠨᠡᠵᠦ ᠪᠠᠶᠢᠭ᠎ᠠ ᠣᠩᠭᠤᠴᠠ ᠶᠢ ᠬᠡᠷᠡᠭᠯᠡᠭᠡᠨ ᠠᠴᠠ ᠭᠠᠷᠭᠠᠨ ᠰᠢᠨᠡᠳᠬᠡᠬᠦ᠂ ᠲᠡᠮᠦᠷ ᠵᠠᠮ ᠤᠨ ᠪᠤᠬ᠎ᠠ ᠲᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠡᠷᠡᠭᠯᠡᠭᠡᠨ ᠠᠴᠠ ᠭᠠᠷᠭᠠᠨ ᠰᠢᠨᠡᠳᠬᠡᠬᠦ᠂ ᠰᠢᠦᠳᠠᠨ ᠤ ᠲᠦᠷᠭᠡᠨ ᠬᠦᠷᠭᠡᠯᠲᠡ ᠶᠢᠨ ᠬᠠᠭᠤᠴᠢᠨ ᠲᠥᠬᠦᠭᠡᠷᠦᠮᠵᠢ ᠶᠢ ᠣᠷᠣᠯᠠᠭᠤᠯᠬᠤ᠂ ᠪᠠᠷᠠᠭᠠᠨ ᠤ ᠭᠦᠶᠯᠭᠡᠭᠡ ᠶᠢᠨ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ᠂ ᠴᠠᠬᠢᠯᠭᠠᠨ ᠴᠡᠨᠡᠭᠯᠡᠬᠦ ᠰᠠᠭᠤᠷᠢ ᠲᠦᠭᠦᠭᠡᠷᠤᠮᠵᠢ ᠶᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ᠂ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ  ᠶᠢ ᠬᠡᠷᠡᠭᠵᠢᠭᠦᠯᠬᠦ ᠵᠡᠷᠭᠡ ᠪᠠᠷ ᠭᠤᠤᠯᠳᠠᠯᠭ᠎ᠠ ᠪᠣᠯᠭᠠᠵᠤ᠂ ᠲᠡᠷᠢᠭᠦᠨ ᠤ ᠲᠥᠬᠦᠭᠡᠷᠦᠮᠵᠢ ᠪᠠ ᠳᠣᠬᠢᠭᠤᠷ ᠲᠤᠯᠤᠭᠠᠨ ᠣᠲᠣ ᠨᠡᠷᠡᠮᠵᠢᠲᠦ ᠳᠠᠭᠠᠭᠤᠯᠢ ᠣᠳᠣ ᠪᠠᠷ ᠠᠶᠠᠯᠠᠯ ᠵᠠᠯᠠᠬᠤ ᠰᠢᠰᠲ᠋ᠧᠮ ᠤᠨ ᠦᠵᠦᠭᠦᠷ ᠤᠨ ᠬᠡᠷᠡᠭᠯᠡᠯᠲᠡ ᠶᠢ ᠶᠡᠭᠡ ᠪᠠᠷ ᠠᠬᠢᠭᠤᠯᠤᠨ᠂ ᠵᠠᠮ ᠬᠠᠷᠢᠯᠴᠠᠭᠠᠨ ᠤ ᠡᠨᠧᠷᠭᠢ ᠶᠢᠨ ᠬᠥᠳᠡᠯᠭᠡᠬᠦ ᠬᠦᠴᠦᠨ ᠤ ᠰᠢᠰᠲ᠋ᠧᠮ ᠢ ᠴᠡᠪᠡᠷᠰᠢᠭᠦᠯᠦᠨ᠂ ᠳᠣᠤᠷ᠎ᠠ ᠨᠡᠭᠦᠷᠡᠰᠦᠲᠥ᠋ᠷᠥᠭᠴᠢᠲᠦ᠂ ᠥᠨᠳᠥᠷ ᠦᠷ᠎ᠡ ᠪᠦᠲᠦᠮᠵᠢᠲᠡᠶ ᠬᠥᠭᠵᠢᠭᠦᠯᠬᠦ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠃     2027 ᠣᠨ ᠪᠣᠯᠬᠤ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠨᠢ 2023 ᠣᠨ ᠤ ᠬᠢ ᠠᠴᠠ 25% ᠠᠴᠠ ᠳᠡᠭᠡᠭᠰᠢ ᠨᠡᠮᠡᠭᠳᠡᠭᠦᠯᠦᠨ᠎ᠡ᠃ 2028 ᠣᠨ ᠪᠣᠯᠬᠤ ᠳᠤ᠂ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡ ᠶᠢᠨ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ ᠡᠵᠡᠩᠨᠡᠯᠲᠡ ᠶᠢᠨ ᠲᠥᠷᠥᠯ ᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠦᠨᠳᠦᠰᠦᠨ ᠳᠤ ᠪᠠᠨ ᠰᠢᠭᠰᠢᠭᠳᠡᠨ᠎ᠡ︔ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠰᠢᠨ᠎ᠡ ᠡᠨᠧᠷᠭᠢ ᠶᠢᠨ ᠲᠡᠷᠭᠡ ᠶᠢᠨ ᠬᠠᠷᠢᠴᠠᠯ ᠢ 75% ᠠᠴᠠ ᠳᠡᠭᠡᠭᠰᠢ ᠳᠤ ᠬᠦᠷᠦᠭᠦᠯᠦᠨ᠎ᠡ︔ ᠰᠢᠦᠳᠠᠨ ᠤ ᠵᠦᠢᠯ ᠲᠦᠷᠭᠡᠨ ᠬᠦᠷᠭᠡᠬᠦ ᠵᠦᠢᠯ ᠤᠨ ᠣᠶᠤᠨᠴᠢ ᠠᠶᠦᠯᠭᠦᠢ ᠶᠢᠨ ᠪᠠᠶᠢᠴᠠᠭᠠᠯᠲᠠ ᠶᠢᠨ ᠲᠥᠬᠦᠭᠡᠷᠦᠮᠵᠢ ᠶᠢ ᠥᠷᠭᠡᠨ ᠢᠶᠠᠷ ᠳᠡᠯᠭᠡᠷᠡᠭᠦᠯᠦᠨ ᠬᠡᠷᠡᠭᠯᠡᠵᠦ᠂ ᠢᠯᠡᠭᠡᠨ ᠬᠦᠷᠭᠡᠬᠦ ᠬᠦᠷᠢᠶᠡᠨ ᠤ ᠠᠶᠦᠯᠭᠦᠢ ᠶᠢᠨ ᠪᠠᠶᠢᠴᠠᠭᠠᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠎ᠡ︔ ᠳᠣᠬᠢᠭᠤᠷ ᠲᠤᠯᠤᠭᠠᠨ ᠣᠲᠣ ᠨᠡᠷᠡᠮᠵᠢᠲᠦ ᠳᠠᠭᠠᠭᠤᠯᠢ ᠣᠳᠣ ᠪᠠᠷ ᠠᠶᠠᠯᠠᠯ ᠵᠠᠯᠠᠬᠤ ᠰᠢᠰᠲ᠋ᠧᠮ ᠤᠨ ᠦᠵᠦᠭᠦᠷ ᠤᠨ ᠬᠡᠷᠡᠭᠯᠡᠯᠲᠡ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠶᠢ 8000 ᠠᠴᠠ ᠳᠡᠭᠡᠭᠰᠢ ᠳᠡᠯᠭᠡᠷᠡᠭᠦᠯᠦᠨ ᠰᠢᠨᠡᠳᠬᠡᠨ᠎ᠡ︔ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠲᠦᠭᠦᠭᠡᠷᠤᠮᠵᠢ  ᠶᠢ 34700 ᠠᠴᠠ ᠳᠡᠭᠡᠭᠰᠢ ᠪᠠᠶᠢᠭᠤᠯᠤᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠠ ᠪᠣᠬᠢᠷᠲᠤᠯ ᠡᠳ᠋ ᠭᠠᠳᠠᠭᠰᠢᠯᠠᠭᠤᠯᠬᠤ ᠬᠦᠴᠦᠯᠡᠴᠡ ᠶᠢ ᠲᠠᠰᠤᠷᠠᠯᠲᠠ ᠥᠬᠡᠶ ᠪᠠᠭᠤᠷᠠᠭᠤᠯᠵᠤ᠂ ᠪᠣᠬᠢᠷᠲᠤᠯ ᠡᠳ᠋ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ᠃     ᠬᠤᠶᠠᠷ᠂ ᠭᠤᠣᠯᠳᠠᠯᠭ᠎ᠠ ᠲᠠᠢ ᠡᠭᠦᠷᠭᠡ     ︵ᠨᠢᠭᠡ︶ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠶᠢᠨ ᠴᠠᠬᠢᠯᠭᠠᠨᠵᠢᠭᠤᠯᠤᠯᠲᠠ ᠪᠠᠷ ᠣᠷᠣᠯᠠᠭᠤᠯᠬᠤ ᠶᠢ ᠠᠬᠢᠭᠤᠯᠬᠤ    ᠨᠥᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ᠢ ᠵᠣᠷᠢᠭᠵᠢᠭᠤᠯᠵᠤ ᠪᠠᠶᠢᠭᠠᠳ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠣᠭᠲᠠᠭᠤᠨ ᠢᠶᠠᠷ ᠡᠵᠡᠩᠨᠡᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠲᠤᠬᠠᠶ  ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠡᠨᠧᠷᠭᠢ ᠶᠢᠨ ᠣᠯᠠᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠠᠴᠠ ᠭᠠᠷᠭᠠᠭᠰᠠᠨ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠥᠮᠴᠢᠯᠡᠬᠦ ᠡᠷᠬᠡ ᠲᠠᠢ ᠲᠠᠯ᠎ᠠ ᠶᠢ ᠬᠥᠲᠥᠯᠥᠨ ᠵᠢᠯᠣᠭᠤᠳᠴᠤ ᠪᠠᠶᠢᠭᠠᠳ ᠬᠡᠷᠡᠭᠴᠡᠭᠡ ᠠᠴᠠ ᠭᠠᠷᠭᠠᠭᠰᠠᠨ ᠬᠥᠳᠡᠯᠭᠡᠬᠦ ᠬᠦᠴᠦᠨ ᠤ ᠳ᠋ᠢᠶᠠᠨ ᡂᠢ ᠶᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠳᠤ  ᠬᠤᠳᠠᠯᠳᠤᠭᠤᠯᠤᠨ᠎ᠠ᠃ ᠵᠢᠵᠢᠭ ᠬᠡᠯᠪᠡᠷᠢ ᠶᠢᠨ ᠨᠡᠶᠢᠲᠡ ᠶᠢᠨ ᠮᠠᠰᠢᠨ ᠲᠡᠷᠭᠡ᠂ ᠳᠣᠣᠷ᠎ᠠ ᠱᠠᠯᠠ ᠶᠢᠨ ᠬᠠᠪᠲᠠᠰᠤ ᠵᠢᠴᠢ ᠳᠣᠣᠷ᠎ᠠ ᠣᠷᠣᠬᠤ ᠡᠭᠦᠳᠡ ᠲᠠᠢ ᠨᠠᠰᠤᠳᠠᠶᠢᠴᠤᠳ ᠲᠤ ᠲᠤᠬᠢᠷᠠᠬᠤ ᠬᠤᠳᠠ ᠶᠢᠨ ᠨᠡᠶᠢᠲᠡ ᠶᠢᠨ ᠮᠠᠰᠢᠨ ᠲᠡᠷᠭᠡ ᠶᠢ ᠢᠳᠡᠪᠬᠢᠲᠡᠢ ᠳᠡᠯᠭᠡᠷᠡᠭᠦᠯᠵᠦ᠂ 10 ᠵᠢᠯ ᠠᠴᠠ ᠳᠡᠭᠡᠭᠰᠢᠬᠢ ᠬᠠᠭᠤᠴᠢᠷᠠᠭᠰᠠᠨ ᠬᠤᠳᠠ ᠶᠢᠨ ᠨᠡᠶᠢᠲᠡ ᠶᠢᠨ ᠮᠠᠰᠢᠨ ᠲᠡᠷᠭᠡᠨ ᠤ ᠰᠢᠨᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠨᠥᠬᠦᠴᠡᠯ ᠪᠦᠷᠢᠯᠳᠦᠭᠦᠯᠦᠭᠰᠡᠨ ᠭᠠᠵᠠᠷ ᠣᠷᠣᠨ ᠤ ᠤᠰᠤᠲᠥ᠋ᠷᠥᠭᠴᠢᠲᠦ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢᠨ ᠵᠢᠱᠢᠶ᠎ᠡ ᠦᠵᠡᠭᠦᠯᠦᠨ ᠬᠡᠷᠡᠭᠯᠡᠬᠦ ᠶᠢ ᠰᠦᠪᠡᠭᠴᠢᠯᠡᠨ ᠥᠷᠨᠢᠭᠦᠯᠬᠦ ᠶᠢ ᠵᠣᠷᠢᠭᠵᠢᠭᠤᠯᠵᠤ᠂ ᠨᠡᠶᠢᠲᠡ ᠶᠢᠨ ᠮᠠᠰᠢᠨ ᠲᠡᠷᠭᠡ ᠶᠢᠨ ᠴᠡᠨᠡᠭᠯᠡᠵᠦ ᠰᠣᠯᠢᠬᠤ ᠴᠠᠬᠢᠯᠭᠠᠨ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠠᠭᠤᠷᠢ ᠲᠦᠭᠦᠭᠡᠷᠦᠮᠵᠢ ᠶᠢᠨ ᠲᠥᠯᠥᠪᠵᠢᠭᠦᠯᠦᠨ ᠪᠠᠶᠢᠷᠢᠯᠠᠭᠤᠯᠬᠤ ᠶᠢ ᠵᠡᠷᠭᠡᠪᠡᠷ ᠠᠬᠢᠭᠤᠯᠤᠨ᠎ᠠ᠃     ︵ᠬᠤᠶᠠᠷ︶ ᠬᠠᠭᠤᠴᠢᠷᠠᠭᠰᠠᠨ ᠴᠠᠶᠢᠶ᠋ᠢᠦ ᠲᠤᠰᠤᠨ ᠤ ᠡᠵᠡᠩᠨᠡᠯᠲᠡ ᠶᠢᠨ ᠲᠡᠷᠭᠡ ᠶᠢ ᠰᠢᠭᠰᠢᠭᠳᠡᠭᠦᠯᠦᠨ ᠰᠢᠨᠡᠳᠬᠡᠬᠦ ᠶᠢ ᠲᠦᠯᠬᠢᠨ ᠠᠬᠢᠭᠤᠯᠬᠤ    1. ᠬᠠᠭᠤᠴᠢᠷᠠᠭᠰᠠᠨ ᠴᠠᠶᠢᠶ᠋ᠢᠦ ᠲᠣᠰᠣᠨ ᠤ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠰᠢᠭᠰᠢᠭᠳᠡᠭᠦᠯᠦᠨ ᠰᠢᠨᠡᠳᠬᠡᠬᠦ ᠶᠢ ᠲᠦᠷᠭᠡᠳᠬᠡᠨ᠎ᠡ᠃ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠡᠵᠡᠩᠨᠡᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡ ᠶᠢᠨ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ ᠡᠵᠡᠩᠨᠡᠯᠲᠡ  ᠶᠢᠨ ᠲᠥᠷᠥᠯ ᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠰᠢᠭᠰᠢᠭᠳᠡᠭᠦᠯᠦᠨ ᠰᠢᠨᠡᠳᠬᠡᠬᠦ ᠶᠢ ᠲᠦᠷᠭᠡᠳᠬᠡᠵᠦ᠂ ᠤᠯᠤᠰ ᠤᠨ ᠳᠦᠷᠪᠡᠳᠦᠭᠡᠷ ᠱᠠᠲᠤᠨ ᠤ ᠮᠠᠰᠢᠨ ᠲᠡᠷᠭᠡ ᠶᠢᠨ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠲᠠᠢ ᠴᠠᠶᠢᠶ᠋ᠢᠦ ᠲᠣᠰᠣᠨ ᠤ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠤᠷᠢᠳᠴᠢᠯᠠᠨ ᠰᠢᠭᠰᠢᠭᠳᠡᠭᠦᠯᠦᠨ ᠰᠢᠨᠡᠳᠬᠡᠬᠦ ᠶᠢ ᠵᠣᠷᠢᠭᠵᠢᠭᠤᠯᠤᠨ᠎ᠠ᠃ ᠵᠠᠮ ᠲᠡᠭᠡᠭᠡᠪᠦᠷᠢ ᠶᠢᠨ ᠲᠡᠷᠭᠡ ᠶᠢᠨ ᠪᠠᠷᠢᠮᠵᠢᠶ᠎ᠠ ᠳᠤ  ᠬᠦᠷᠬᠦ ᠲᠡᠷᠭᠡᠨ ᠤ ᠬᠡᠯᠪᠡᠷᠢ ᠶᠢᠨ ᠬᠠᠮᠢᠶᠠᠷᠤᠯᠲᠠ ᠶᠢᠨ ᠠᠵᠢᠯ ᠳᠤ ᠲᠦᠰᠢᠭᠯᠡᠨ᠂ ᠡᠵᠡᠩᠨᠡᠯᠲᠡ ᠶᠢᠨ ᠪᠠᠷᠠᠭᠠᠨ ᠤ ᠲᠡᠷᠭᠡ ᠶᠢᠨ ᠡᠨᠧᠷᠭᠢ ᠠᠷᠪᠢᠯᠠᠵᠤ ᠳᠣᠣᠷ᠎ᠠ ᠨᠡᠭᠦᠷᠡᠰᠦᠲᠥ᠋ᠷᠥᠭᠴᠢᠲᠦ ᠲᠥᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃     2. ᠰᠢᠨ᠎ᠡ ᠡᠨᠧᠷᠭᠢ ᠶᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠡᠮᠬᠢ ᠵᠢᠷᠤᠮ ᠲᠠᠢ ᠪᠠᠷ ᠳᠡᠯᠭᠡᠷᠡᠭᠦᠯᠦᠨ᠎ᠡ᠃ ᠡᠯ᠎ᠡ ᠭᠠᠵᠠᠷ ᠤᠨ ᠬᠢᠨ ᠢ ᠵᠣᠷᠢᠭᠵᠢᠭᠤᠯᠵᠤ ᠪᠠᠶᠢᠭᠠᠳ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠯᠲᠡ ᠶᠢᠨ ᠪᠣᠳᠠᠲᠠᠶ ᠪᠠᠶᠢᠳᠠᠯ᠂ ᠣᠷᠣᠨ ᠪᠦᠰᠡ ᠶᠢᠨ ᠬᠡᠷᠡᠭᠯᠡᠭᠡᠨ ᠤ ᠲᠠᠯᠠᠪᠤᠷ ᠭᠠᠵᠠᠷ ᠪᠠ ᠴᠡᠨᠡᠭᠯᠡᠨ ᠰᠣᠯᠢᠬᠤ ᠴᠠᠬᠢᠯᠭᠠᠨ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠪᠠᠷ ᠳᠠᠮᠵᠢᠭᠤᠯᠵᠤ᠂ ᠰᠢᠨ᠎ᠡ ᠡᠨᠧᠷᠭᠢ ᠶᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠤᠲᠠ ᠶᠢᠨ ᠪᠠᠷᠠᠭᠠᠨ ᠤ ᠭᠦᠢᠯᠭᠡᠭᠡ ᠶᠢᠨ ᠳᠣᠭᠢᠷᠠᠭᠤᠯᠤᠨ ᠬᠦᠷᠭᠡᠬᠦ᠂ ᠦᠶᠯᠡᠳᠪᠦᠷᠢ ᠠᠭᠤᠷᠬᠠᠶ ᠶᠢᠨ ᠪᠢᠲᠡᠭᠦᠮᠵᠢᠯᠡᠭᠰᠡᠨ ᠣᠷᠣᠨ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠭ᠂ ᠭᠤᠤᠯ ᠱᠤᠭᠤᠮ ᠤᠨ ᠪᠠᠷᠠᠭᠠᠨ ᠤ ᠭᠦᠢᠯᠭᠡᠭᠡ ᠵᠡᠷᠭᠡ ᠲᠠᠯᠠᠪᠤᠷ ᠭᠠᠵᠠᠷ ᠲᠤ ᠬᠡᠷᠡᠭᠯᠡᠬᠦ ᠶᠢ ᠠᠬᠢᠭᠤᠯᠤᠨ᠎ᠠ᠃ ︽ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ + ᠲᠣᠭᠠᠴᠢᠯᠠᠭᠰᠠᠨ ᠡᠬᠡ ᠬᠠᠭᠤᠷᠠᠶ ᠶᠢᠨ ᠭᠠᠷᠠᠮ + ᠲᠠᠷᠠᠬᠠᠶ ᠪᠤᠲᠠᠷᠬᠠᠶ ᠶᠢ ᠲᠥᠪᠯᠡᠷᠡᠭᠦᠯᠬᠦ︾ ᠲᠡᠭᠡᠭᠡᠪᠦᠷᠢ ᠶᠢᠨ ᠵᠠᠭᠪᠤᠷ ᠪᠠ ︽ᠲᠡᠷᠭᠡ ᠴᠠᠬᠢᠯᠭᠠᠨ ᠢ ᠰᠠᠯᠭᠠᠬᠤ︾ ᠬᠤᠳᠠᠯᠳᠤᠭᠠᠨ ᠤ ᠵᠠᠭᠪᠤᠷ ᠢ ᠰᠦᠪᠡᠭᠴᠢᠯᠡᠨ ᠬᠡᠷᠡᠭᠵᠢᠭᠦᠯᠦᠨ᠎ᠡ᠃ ᠠᠭᠤᠷᠬᠠᠶ ᠶᠢᠨ ᠡᠬᠢ ᠪᠠᠶᠠᠯᠢᠭ ᠤᠨ ᠪᠣᠭᠤᠮᠲᠠ ᠬᠢᠯᠢ ᠠᠯᠤᠰᠯᠠᠨ ᠲᠡᠭᠡᠭᠡᠪᠦᠷᠢᠯᠡᠬᠦ ᠠᠬᠤᠶ ᠪᠠᠶᠢᠳᠠᠯ ᠳᠤ ᠲᠦᠰᠢᠭᠯᠡᠨ᠂ ᠠᠦ᠋ᠲ᠋ᠣ᠋ ᠵᠢᠯᠣᠭᠤᠳᠣᠯᠭ᠎ᠠ ᠪᠠᠷ ᠳᠤᠭᠤᠶᠢᠯᠠᠩ ᠬᠤᠪᠢᠶᠠᠨ ᠲᠡᠭᠡᠭᠡᠪᠦᠷᠢᠯᠡᠬᠦ᠂ AGV᠂ ᠵᠢᠯᠣᠭᠤᠴᠢ ᠥᠬᠡᠶ ᠴᠢᠩᠭᠡᠯᠢᠭ ᠤᠨ ᠠᠴᠢᠶᠠᠨ ᠤ ᠮᠠᠰᠢᠨ ᠵᠡᠷᠭᠡ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠳᠡᠯᠭᠡᠷᠡᠭᠦᠯᠦᠨ ᠬᠡᠷᠡᠭᠯᠡᠨ᠎ᠡ᠃     ︵ᠭᠤᠷᠪᠠ︶ ᠬᠠᠭᠤᠴᠢᠷᠠᠭᠰᠠᠨ ᠡᠵᠡᠩᠨᠡᠯᠲᠡ ᠶᠢᠨ ᠣᠩᠭᠤᠴᠠ ᠰᠠᠯ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ  ᠶᠢ ᠠᠬᠢᠭᠤᠯᠬᠤ    1. ᠡᠨᠧᠷᠭᠢ ᠶᠢᠨ ᠬᠤᠷᠣᠭᠳᠠᠯ ᠶᠡᠬᠡᠲᠡᠶ ᠭᠠᠳᠠᠭᠰᠢᠯᠠᠭᠤᠯᠤᠯᠲᠠ ᠶᠡᠬᠡᠲᠡᠶ ᠬᠠᠭᠤᠴᠢᠷᠠᠭᠰᠠᠨ ᠲᠡᠭᠡᠭᠡᠪᠦᠷᠢ ᠶᠢᠨ ᠣᠩᠭᠤᠴᠠ ᠰᠠᠯ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠲᠦᠷᠭᠡᠳᠬᠡᠨ᠎ᠡ᠃ ᠳᠣᠲᠣᠭᠠᠳᠤ ᠭᠤᠣᠯ ᠮᠥᠷᠡᠨ ᠤ ᠠᠶᠠᠨᠴᠢᠳ ᠤᠨ ᠣᠩᠭᠤᠴᠠ᠂ ᠭᠠᠲᠤᠯᠬᠤ ᠣᠩᠭᠤᠴᠠ᠂ ᠵᠤᠭᠠᠴᠠᠬᠤ ᠣᠩᠭᠤᠴᠠ ᠵᠡᠷᠭᠡ 10 ᠵᠢᠯ ᠠᠴᠠ ᠳᠡᠭᠡᠭᠰᠢᠬᠢ ᠠᠶᠠᠨᠴᠢᠳ ᠤᠨ ᠲᠡᠭᠡᠭᠡᠪᠦᠷᠢ ᠶᠢᠨ ᠣᠩᠭᠤᠴᠠ ᠰᠠᠯ ᠵᠢᠴᠢ ᠳᠣᠲᠣᠭᠠᠳᠤ ᠭᠤᠣᠯ ᠮᠥᠷᠡᠨ ᠤ ᠴᠢᠷᠭᠡᠦᠯ ᠣᠩᠭᠤᠴᠠ᠂ ᠠᠵᠢᠯᠯᠠᠬᠤ ᠣᠩᠭᠤᠴᠠ᠂ ᠰᠢᠪᠠᠷ ᠮᠠᠯᠲᠠᠬᠤ ᠣᠩᠭᠤᠴᠠ ᠵᠡᠷᠭᠡ 15 ᠵᠢᠯ ᠠᠴᠠ ᠳᠡᠭᠡᠭᠰᠢᠬᠢ ᠠᠵᠢᠯᠯᠠᠭᠰᠠᠨ ᠣᠩᠭᠤᠴᠠ ᠰᠠᠯ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠲᠦᠷᠭᠡᠳᠬᠡᠨ᠎ᠡ᠃ ᠣᠩᠭᠤᠴᠠ ᠰᠠᠯ ᠤᠨ ᠰᠢᠲᠠᠭᠠᠯᠭ᠎ᠠ ᠶᠢᠨ ᠲᠤᠰᠤᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠩᠭᠤᠴᠠ ᠰᠠᠯ  ᠤᠨ ᠤᠰᠤᠨ ᠤ ᠪᠣᠬᠢᠷᠲᠤᠯ᠂ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠵᠠᠰᠠᠬᠤ ᠠᠵᠢᠯ  ᠢ ᠰᠠᠶᠢᠲᠤᠷ ᠬᠢᠵᠦ᠂ ᠨᠥᠬᠦᠴᠡᠯ ᠲᠠᠢ ᠭᠠᠵᠠᠷ ᠣᠷᠣᠨ ᠤᠳᠤ ᠶᠢᠨ ᠪᠠᠶᠢᠭ᠎ᠠ ᠲᠣᠰᠣ ᠰᠢᠲᠠᠭᠠᠬᠤ ᠣᠩᠭᠤᠴᠠ ᠰᠠᠯ ᠢ ᠬᠡᠷᠡᠭᠯᠡᠭᠡᠨ ᠠᠴᠠ ᠭᠠᠷᠭᠠᠬᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠤᠨ᠎ᠠ᠃     2. ᠰᠢᠨ᠎ᠡ ᠡᠨᠧᠷᠭᠢ ᠴᠡᠪᠡᠷ ᠡᠨᠧᠷᠭᠢ ᠶᠢᠨ ᠬᠥᠳᠡᠯᠭᠡᠭᠴᠢ ᠬᠦᠴᠦᠨ ᠤ ᠲᠡᠭᠡᠭᠡᠪᠦᠷᠢ ᠶᠢᠨ ᠣᠩᠭᠤᠴᠠ ᠰᠠᠯ ᠤᠨ ᠬᠥᠭᠵᠢᠯᠲᠡ ᠶᠢ ᠶᠡᠭᠡ ᠪᠠᠷ ᠳᠡᠮᠵᠢᠨ᠎ᠡ᠃ ᠰᠢᠨ᠎ᠡ ᠡᠨᠧᠷᠭᠢ᠂ ᠴᠡᠪᠡᠷ ᠡᠨᠧᠷᠭᠢ ᠶᠢᠨ ᠬᠥᠳᠡᠯᠭᠡᠭᠴᠢ ᠬᠦᠴᠦᠨ ᠤ ᠣᠩᠭᠤᠴᠠ ᠰᠠᠯ ᠢ ᠰᠢᠨ᠎ᠡ ᠪᠠᠷ ᠦᠢᠯᠡᠳᠬᠦ ᠶᠢ ᠳᠠᠮᠵᠢᠵᠤ᠂ ᠪᠠᠶᠢᠭᠠᠯᠢ ᠶᠢᠨ ᠰᠢᠲᠠᠮᠠᠬᠠᠶ ᠬᠡᠢ ( LNG )᠂ ᠠᠮᠢᠳᠤ ᠪᠣᠳᠠᠰ ᠤᠨ ᠴᠠᠶᠢᠶ᠋ᠢᠦ ᠲᠣᠰᠣᠨ ᠤ ᠬᠥᠳᠡᠯᠭᠡᠭᠴᠢ ᠬᠦᠴᠦᠨ ᠤ ᠣᠩᠭᠤᠴᠠ ᠰᠠᠯ ᠢ ᠨᠥᠬᠦᠴᠡᠯ ᠪᠦᠷᠢᠯᠳᠦᠭᠦᠯᠦᠭᠰᠡᠨ ᠳᠣᠲᠣᠭᠠᠳᠤ ᠭᠤᠣᠯ ᠮᠥᠷᠡᠨ ᠤ ᠠᠶᠠᠯᠠᠯ ᠤᠨ ᠱᠤᠭᠤᠮ ᠳᠤ ᠬᠡᠷᠡᠭᠯᠡᠬᠦ ᠶᠢ ᠠᠬᠢᠭᠤᠯᠤᠨ᠎ᠠ᠃ ᠴᠡᠪᠡᠷ ᠳ᠋ᠢᠶᠠᠨ ᡂᠢ  ᠶᠢᠨ ᠬᠥᠳᠡᠯᠭᠡᠬᠦ ᠬᠦᠴᠦᠨ ᠢ ᠳᠤᠮᠳᠠ ᠵᠢᠵᠢᠭ ᠬᠡᠯᠪᠡᠷᠢ ᠶᠢᠨ᠂ ᠤᠢᠢᠷ᠎ᠠ ᠵᠠᠢ ᠶᠢᠨ ᠳᠣᠲᠣᠭᠠᠳᠤ ᠭᠤᠣᠯ ᠮᠥᠷᠡᠨ ᠤ ᠣᠩᠭᠤᠴᠠ ᠰᠠᠯ ᠳᠤ ᠲᠤᠷᠰᠢᠨ ᠬᠡᠷᠡᠭᠯᠡᠬᠦ ᠶᠢ ᠲᠡᠮᠵᠢᠵᠤ᠂ ᠪᠤᠬᠢᠷᠲᠤᠯ ᠦᠭᠡᠢ ᠴᠠᠬᠢᠯᠭᠠᠨ᠂ LNG᠂ ᠠᠮᠢᠳᠤ ᠪᠣᠳᠠᠰ ᠤᠨ ᠴᠠᠶᠢᠶ᠋ᠢᠦ ᠲᠤᠰᠤ ᠵᠡᠷᠭᠡ ᠡᠨᠧᠷᠭᠢ ᠶᠢᠨ ᠰᠤᠷᠪᠤᠯᠵᠢ ᠶᠢ ᠣᠩᠭᠤᠴᠠ ᠰᠠᠯ ᠤᠨ ᠬᠦᠷᠢᠶᠡᠨ ᠳᠤ ᠬᠡᠷᠡᠭᠯᠡᠬᠦ  ᠶᠢ ᠠᠯᠬᠤᠮ ᠠᠯᠬᠤᠮ ᠢᠶᠠᠷ ᠥᠷᠭᠡᠳᠬᠡᠨ᠎ᠡ᠃    ︵ᠳᠥᠷᠪᠡ︶ ᠲᠡᠮᠦᠷ ᠵᠠᠮ ᠤᠨ ᠪᠤᠬ᠎ᠠ ᠲᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠭᠰᠢᠭᠳᠡᠭᠦᠯᠦᠨ ᠰᠢᠨᠡᠳᠬᠡᠬᠦ ᠶᠢ ᠲᠦᠯᠬᠢᠨ ᠠᠬᠢᠭᠤᠯᠬᠤ    ᠤᠯᠤᠰ ᠤᠨ ᠲᠡᠮᠦᠷ ᠵᠠᠮ ᠤᠨ ᠳᠣᠲᠣᠭᠠᠳᠤ ᠰᠢᠲᠠᠯᠲᠠ ᠶᠢᠨ ᠪᠤᠬ᠎ᠠ ᠲᠡᠷᠭᠡ ᠶᠢ 30 ᠵᠢᠯ ᠬᠡᠷᠡᠭᠯᠡᠪᠡᠯ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠣᠷᠣᠨ  ᠤ ᠳᠣᠲᠣᠷᠠᠬᠢ ᠣᠷᠣᠨ ᠨᠤᠲᠤᠭ ᠤᠨ ᠲᠡᠮᠦᠷ ᠵᠠᠮ ᠤᠨ ᠠᠵᠤ ᠠᠬᠤᠶᠢᠯᠠᠯ ᠤᠨ ᠬᠠᠭᠤᠴᠢᠷᠠᠭᠰᠠᠨ ᠳᠣᠲᠣᠭᠠᠳᠤ ᠰᠢᠲᠠᠯᠲᠠ ᠶᠢᠨ ᠪᠤᠬ᠎ᠠ ᠲᠡᠷᠭᠡ ᠶᠢ ᠤᠷᠢᠳ ᠢᠶᠠᠷ ᠬᠡᠷᠡᠭᠯᠡᠭᠡᠨ ᠠᠴᠠ ᠭᠠᠷᠭᠠᠬᠤ ᠶᠢ ᠵᠣᠷᠢᠭᠵᠢᠭᠤᠯᠤᠨ᠎ᠠ᠃ ᠤᠯᠤᠰ ᠤᠨ ᠰᠢᠨ᠎ᠡ ᠡᠨᠧᠷᠭᠢ ᠶᠢᠨ ᠪᠤᠬ᠎ᠠ ᠲᠡᠷᠭᠡ ᠶᠢ ᠰᠢᠨᠡᠳᠬᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠤᠯᠤᠰ ᠤᠨ ᠪᠠᠷᠢᠮᠵᠢᠶᠠᠵᠢᠭᠤᠯᠤᠭᠰᠠᠨ ᠰᠢᠨ᠎ᠡ ᠡᠨᠧᠷᠭᠢ ᠶᠢᠨ ᠲᠡᠮᠦᠷ ᠵᠠᠮ ᠤᠨ ᠲᠣᠨᠤᠭ ᠲᠥᠬᠦᠭᠡᠷᠦᠮᠵᠢ  ᠶᠢᠨ ᠲᠠᠪᠴᠠᠩ ᠳᠤ ᠲᠦᠰᠢᠭᠯᠡᠨ᠂ ᠣᠷᠣᠨ ᠤ ᠳᠣᠲᠣᠷᠠᠬᠢ ᠣᠷᠣᠨ ᠨᠤᠲᠤᠭ ᠤᠨ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠰᠢᠨᠡᠳᠬᠡᠨ ᠰᠣᠯᠢᠬᠤ ᠶᠢ  ᠶᠡᠭᠡ ᠪᠠᠷ ᠠᠬᠢᠭᠤᠯᠤᠨ᠎ᠠ ᠃     ︵ᠲᠠᠪᠤ︶ ᠰᠢᠦᠳᠠᠨ ᠤ ᠲᠦᠷᠭᠡᠨ ᠬᠦᠷᠭᠡᠯᠲᠡ ᠶᠢᠨ ᠬᠠᠭᠤᠴᠢᠷᠠᠭᠰᠠᠨ ᠲᠥᠬᠦᠭᠡᠷᠦᠮᠵᠢ ᠶᠢ ᠣᠷᠣᠯᠠᠭᠤᠯᠬᠤ ᠶᠢ ᠠᠬᠢᠭᠤᠯᠬᠤ    1. ᠬᠠᠭᠤᠴᠢᠷᠠᠭᠰᠠᠨ ᠠᠶᠤᠯᠬᠦᠢ ᠶᠢᠨ ᠪᠠᠶᠢᠴᠠᠭᠠᠯᠲᠠ ᠶᠢᠨ ᠲᠥᠬᠦᠭᠡᠷᠦᠮᠵᠢ ᠶᠢ ᠰᠢᠨᠡᠳᠬᠡᠬᠦ ᠶᠢ ᠳᠡᠮᠵᠢᠨ᠎ᠡ᠃ ᠰᠢᠦᠳᠠᠨ ᠤ ᠲᠦᠷᠭᠡᠨ ᠬᠦᠷᠭᠡᠬᠦ ᠠᠵᠤ ᠠᠬᠤᠶᠢᠯᠠᠯ ᠤᠨ ᠬᠠᠭᠤᠴᠢᠷᠬᠠᠰᠠᠨ ᠪᠢᠴᠢᠯ ᠬᠡᠮᠵᠢᠶ᠎ᠡ ᠶᠢᠨ X ᠰᠠᠴᠤᠷᠠᠭ ᠤᠨ ᠠᠶᠤᠯᠬᠦᠢ ᠶᠢᠨ ᠪᠠᠶᠢᠴᠠᠭᠠᠯᠲᠠ ᠶᠢᠨ ᠲᠥᠬᠦᠭᠡᠷᠦᠮᠵᠢ ᠶᠢ ᠰᠢᠭᠰᠢᠭᠳᠡᠭᠦᠯᠦᠨ ᠰᠢᠨᠡᠳᠬᠡᠬᠦ ᠶᠢ ᠠᠬᠢᠭᠤᠯᠵᠤ᠂ ᠰᠢᠦᠳᠠᠨ ᠤ ᠵᠦᠢᠯ ᠲᠦᠷᠭᠡᠨ ᠬᠦᠷᠭᠡᠬᠦ ᠵᠦᠢᠯ ᠤᠨ ᠤᠶᠤᠨᠲᠤ X ᠰᠠᠴᠤᠷᠠᠭ ᠤᠨ ᠠᠶᠤᠯᠬᠦᠢ ᠶᠢᠨ ᠪᠠᠶᠢᠴᠠᠭᠠᠯᠲᠠ ᠶᠢᠨ ᠲᠥᠬᠦᠭᠡᠷᠦᠮᠵᠢ ᠶᠢ ᠲᠣᠬᠢᠷᠠᠭᠤᠯᠤᠨ ᠬᠡᠷᠡᠭᠯᠡᠨ᠎ᠡ᠃ ᠰᠢᠦᠳᠠᠨ ᠤ ᠲᠦᠷᠭᠡᠨ  ᠬᠦᠷᠭᠡᠯᠲᠡ ᠶᠢᠨ ᠠᠵᠤ ᠠᠬᠤᠶᠢᠯᠠᠯ ᠤᠨ ᠠᠶᠤᠯᠬᠦᠢ ᠶᠢᠨ ᠪᠠᠶᠢᠴᠠᠭᠠᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠵᠣᠷᠢᠭᠵᠢᠭᠤᠯᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠵᠣᠬᠢᠶᠠᠮᠠᠯ ᠣᠶᠤᠨ ᠴᠢᠳᠠᠪᠤᠷᠢ᠂ ᠴᠥᠷᠬᠡᠯᠡᠭᠡ ᠳ᠋ᠠᠶᠢᠲ᠋ᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ  ᠠᠶᠤᠯᠬᠦᠢ ᠶᠢᠨ ᠪᠠᠶᠢᠴᠠᠭᠠᠯᠲᠠ  ᠶᠢᠨ ᠬᠦᠷᠢᠶᠡᠨ ᠳᠠᠬᠢ ᠬᠡᠷᠡᠭᠯᠡᠭᠡᠨ ᠢ ᠴᠢᠩᠭᠠᠷᠠᠭᠤᠯᠤᠨ᠂ ᠠᠶᠤᠯᠬᠦᠢ ᠶᠢᠨ ᠪᠠᠶᠢᠴᠠᠭᠠᠯᠲᠠ ᠶᠢᠨ ᠠᠵᠢᠯ ᠢ ᠮᠡᠳᠡᠭᠡ ᠵᠠᠩᠭᠢᠵᠢᠯᠲᠠ᠂ ᠤᠶᠤᠨᠴᠢᠯᠠᠯᠲᠠ ᠶᠢᠨ ᠬᠠᠮᠢᠶᠠᠷᠤᠯᠲᠠ ᠲᠡᠶᠢᠰᠢ ᠳᠡᠪᠰᠢᠬᠦ ᠶᠢ ᠠᠬᠢᠭᠤᠯᠤᠨ᠎ᠠ ᠃     2. ᠰᠢᠦᠳᠠᠨ ᠤ ᠲᠦᠷᠭᠡᠨ ᠬᠦᠷᠭᠡᠯᠲᠡ ᠶᠢᠨ ᠲᠡᠭᠦᠰᠬᠡᠯ ᠦᠵᠦᠭᠦᠷ ᠤᠨ ᠳᠣᠭᠢᠷᠠᠭᠤᠯᠤᠨ ᠬᠦᠷᠭᠡᠬᠦ ᠲᠡᠷᠭᠡ ᠬᠥᠰᠬᠡ ᠶᠢ ᠰᠢᠨᠡᠳᠬᠡᠬᠦ ᠶᠢ ᠥᠷᠨᠢᠭᠦᠯᠦᠨ᠎ᠡ᠃ ᠬᠤᠲᠠ ᠶᠢᠨ ᠣᠯᠠᠨ ᠨᠡᠶᠢᠲᠡ ᠶᠢᠨ ᠬᠦᠷᠢᠶ᠎ᠡ ᠴᠠᠷᠠᠭ᠎ᠠ ᠳᠠᠬᠢ ᠲᠡᠷᠭᠡ ᠬᠥᠰᠬᠡ ᠶᠢᠨ ᠴᠠᠬᠢᠯᠭᠠᠨᠵᠢᠭᠤᠯᠤᠯᠲᠠ ᠶᠢ ᠤᠷᠢᠳ ᠢᠶᠠᠷ ᠬᠡᠷᠡᠭᠵᠢᠭᠦᠯᠬᠦ ᠲᠣᠭᠤᠷᠢᠭ ᠤᠨ ᠲᠤᠷᠰᠢᠯᠲᠠ ᠶᠢᠨ ᠴᠡᠭ ᠲᠠᠢ ᠤᠶᠠᠯᠳᠤᠭᠤᠯᠤᠨ᠂ ᠡᠯ᠎ᠡ ᠭᠠᠵᠠᠷ ᠤᠨ ᠬᠢᠨ ᠢ ᠵᠢᠯᠣᠭᠤᠳᠴᠤ ᠪᠠᠶᠢᠭᠠᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠰᠢᠨ᠎ᠡ ᠡᠨᠧᠷᠭᠢ ᠶᠢᠨ ᠲᠡᠷᠭᠡ ᠬᠥᠰᠬᠡ ᠶᠢ ᠰᠢᠨᠡᠳᠬᠡᠬᠦ ᠲᠥᠯᠥᠪᠯᠡᠭᠡ ᠶᠢ ᠲᠣᠭᠲᠠᠭᠠᠵᠤ᠂ ᠱᠠᠲᠤ ᠦᠶ᠎ᠡ ᠪᠠ ᠲᠠᠰ ᠳᠠᠪᠬᠤᠷᠭ᠎ᠠ ᠬᠤᠪᠢᠶᠠᠨ ᠠᠬᠢᠭᠤᠯᠵᠤ᠂ ᠰᠢᠦᠳᠠᠨ ᠤ ᠲᠦᠷᠭᠡᠨ ᠬᠦᠷᠭᠡᠯᠲᠡ  ᠶᠢᠨ ᠠᠵᠤ ᠠᠬᠤᠶᠢᠯᠠᠯ ᠤᠨ ᠨᠢᠭᠡ ᠪᠦᠯᠦᠭ ᠲᠡᠭᠡᠭᠡᠪᠦᠷᠢᠯᠡᠬᠦ ᠪᠠ ᠲᠡᠭᠦᠰᠬᠡᠯ ᠦᠵᠦᠭᠦᠷ ᠤᠨ ᠳᠣᠭᠢᠷᠠᠭᠤᠯᠤᠨ ᠬᠦᠷᠭᠡᠬᠦ ᠲᠡᠷᠭᠡ ᠬᠥᠰᠬᠡ ᠶᠢ ᠰᠢᠭᠰᠢᠭᠳᠡᠭᠦᠯᠦᠨ ᠰᠢᠨᠡᠳᠬᠡᠬᠦ ᠶᠢ ᠳᠡᠮᠵᠢᠵᠦ᠂ ᠠᠵᠤ ᠠᠬᠤᠶᠢᠯᠠᠯ ᠤᠨ ᠬᠢᠨ ᠤ ᠱᠠᠭᠠᠷᠳᠠᠯᠭ᠎ᠠ ᠳᠤ ᠨᠡᠶᠢᠴᠡᠭᠰᠡᠨ ᠭᠠᠵᠠᠷ ᠣᠷᠣᠨ ᠳᠤ ᠰᠢᠨ᠎ᠡ ᠡᠨᠧᠷᠭᠢ ᠶᠢᠨ ᠳᠣᠭᠢᠷᠠᠭᠤᠯᠤᠨ ᠬᠦᠷᠭᠡᠬᠦ ᠬᠥᠮᠦᠨ ᠥᠬᠡᠶ ᠲᠡᠷᠭᠡ ᠶᠢ ᠶᠡᠭᠡ ᠬᠡᠪᠴᠢᠶ᠎ᠡ ᠪᠠᠷ ᠬᠡᠷᠡᠭᠯᠡᠬᠦ ᠶᠢ ᠵᠣᠷᠢᠭᠵᠢᠭᠤᠯᠤᠨ᠂ ᠰᠢᠦᠳᠠᠨ ᠤ ᠵᠦᠢᠯ ᠲᠦᠷᠭᠡᠨ ᠬᠦᠷᠭᠡᠯᠲᠡ ᠶᠢᠨ ᠵᠦᠶᠯ ᠤᠨ ᠳᠠᠮᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃     3. ᠬᠠᠭᠤᠴᠢᠷᠠᠭᠰᠠᠨ ᠢᠯᠭᠠᠬᠤ ᠲᠥᠬᠦᠭᠡᠷᠦᠮᠵᠢ ᠶᠢ ᠰᠢᠨᠡᠳᠬᠡᠬᠦ ᠶᠢ ᠳᠠᠮᠵᠢᠨ᠎ᠠ᠃ ᠰᠢᠦᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠠᠶᠢᠮᠠᠭ ᠬᠤᠲᠠ᠂ ᠬᠤᠰᠢᠭᠤ ᠰᠢᠶᠠᠨ ᠤ ᠭᠤᠤᠯ ᠪᠣᠯᠬᠤ ᠰᠢᠦᠳᠠᠨ ᠤ ᠵᠦᠶᠯ ᠲᠦᠷᠭᠡᠨ ᠬᠦᠷᠭᠡᠯᠲᠡ ᠶᠢᠨ ᠵᠦᠶᠯ ᠢ ᠰᠢᠶᠳᠪᠦᠷᠢᠯᠡᠬᠦ ᠲᠠᠯᠠᠪᠤᠷ ᠭᠠᠵᠠᠷ ᠲᠤ ᠪᠠᠶᠢᠬᠤ ᠨᠢ ᠬᠠᠭᠤᠴᠢᠷᠠᠭᠰᠠᠨ ᠢᠯᠭᠠᠬᠤ ᠲᠥᠬᠦᠭᠡᠷᠦᠮᠵᠢ ᠶᠢ ᠰᠢᠭᠰᠢᠭᠳᠡᠭᠦᠯᠬᠦ ᠶᠢ ᠠᠬᠢᠭᠤᠯᠵᠤ᠂ ᠪᠦᠷᠢᠨ ᠠᠦ᠋ᠲ᠋ᠣ᠋ ᠣᠶᠤᠨᠴᠢ ᠪᠠᠷ ᠢᠯᠭᠠᠬᠤ ᠢᠵᠢ ᠪᠦᠷᠢᠨ ᠲᠥᠬᠦᠭᠡᠷᠦᠮᠵᠢ ᠶᠢ ᠳᠣᠭᠢᠷᠠᠭᠤᠯᠤᠨ ᠬᠡᠷᠡᠭᠯᠡᠨ᠎ᠡ᠃ ᠰᠢᠦᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠢᠯᠭᠠᠬᠤ ᠲᠥᠬᠦᠭᠡᠷᠦᠮᠵᠢ ᠶᠢ ᠰᠢᠨᠡᠳᠬᠡᠬᠦ ᠲᠥᠯᠥᠪᠯᠡᠭᠡ ᠲᠣᠭᠲᠠᠭᠠᠬᠤ ᠶᠢ ᠵᠢᠯᠣᠭᠤᠳᠴᠤ᠂ ᠰᠢᠶᠳᠪᠦᠷᠢᠯᠡᠬᠦ ᠲᠠᠯᠠᠪᠤᠷ ᠭᠠᠵᠠᠷ ᠤᠨ ᠬᠡᠷᠡᠭᠯᠡᠬᠦ ᠭᠠᠵᠠᠷ ᠵᠡᠷᠭᠡ ᠰᠠᠭᠤᠷᠢ ᠨᠥᠬᠦᠴᠡᠯ ᠢ ᠨᠠᠶᠢᠳᠠᠪᠤᠷᠢᠵᠢᠭᠤᠯᠤᠨ᠂ ᠣᠶᠤᠨᠴᠢ ᠢᠯᠭᠠᠬᠤ ᠢᠵᠢ ᠪᠦᠷᠢᠨ ᠲᠥᠬᠦᠭᠡᠷᠦᠮᠵᠢ ᠶᠢ ᠳᠠᠪᠲᠠᠨ ᠣᠷᠣᠯᠠᠭᠤᠯᠬᠤ ᠶᠢ ᠠᠬᠢᠭᠤᠯᠵᠤ᠂ ᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠥᠬᠦᠭᠡᠷᠦᠮᠵᠢ ᠶᠢᠨ ᠣᠶᠤᠨᠴᠢᠯᠠᠭᠰᠠᠨ ᠳᠣᠤᠷ᠎ᠠ ᠨᠡᠭᠦᠷᠡᠰᠦᠲᠥ᠋ᠷᠥᠭᠴᠢᠲᠦ ᠲᠠᠰ ᠳᠡᠪᠰᠢᠬᠦ ᠶᠢ ᠠᠬᠢᠭᠤᠯᠤᠨ᠎ᠠ ᠃     4. ᠣᠶᠤᠨᠴᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠪᠠ ᠬᠥᠮᠦᠨ ᠥᠬᠡᠶ ᠮᠡᠷᠭᠡᠵᠢᠯ ᠢ ᠬᠡᠷᠡᠭᠯᠡᠬᠦ ᠶᠢ ᠳᠡᠮᠵᠢᠨ᠎ᠡ᠃ ᠰᠢᠦᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠲᠠᠯᠠᠪᠤᠷ ᠭᠠᠵᠠᠷ᠂ ᠰᠢᠶᠳᠪᠦᠷᠢᠯᠡᠬᠦ ᠲᠠᠯᠠᠪᠤᠷ ᠭᠠᠵᠠᠷ ᠪᠠ ᠲᠡᠭᠡᠭᠡᠪᠦᠷᠢ ᠶᠢᠨ ᠲᠡᠷᠭᠡ ᠬᠥᠰᠬᠡ ᠳᠡᠭᠡᠷ᠎ᠡ ᠣᠶᠤᠨᠴᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠬᠡᠷᠡᠭᠯᠡᠬᠦ ᠶᠢ ᠠᠬᠢᠭᠤᠯᠵᠤ᠂ ᠨᠥᠬᠦᠴᠡᠯ ᠳᠤ ᠨᠡᠶᠢᠴᠡᠭᠰᠡᠨ ᠭᠠᠵᠠᠷ ᠣᠷᠣᠨ ᠳᠤ ᠰᠠᠬᠢᠭᠴᠢ ᠥᠬᠡᠶ ᠥᠷᠲᠡᠭᠡ᠂ ᠵᠢᠯᠣᠭᠤᠴᠢ ᠥᠬᠡᠶ ᠮᠠᠰᠢᠨ ᠵᠡᠷᠭᠡ ᠲᠡᠷᠢᠭᠦᠨ ᠤ ᠲᠥᠬᠦᠭᠡᠷᠦᠮᠵᠢ  ᠶᠢ ᠰᠦᠪᠡᠭᠴᠢᠯᠡᠵᠦ ᠳᠡᠯᠭᠡᠷᠡᠭᠦᠯᠦᠨ ᠬᠡᠷᠡᠭᠯᠡᠨ᠎ᠡ᠃     ︵ᠵᠢᠷᠭᠤᠭ᠎ᠠ︶ ᠪᠠᠷᠠᠭᠠᠨ ᠤ ᠭᠦᠢᠯᠭᠡᠭᠡ ᠶᠢᠨ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠲᠦᠯᠬᠢᠨ ᠠᠬᠢᠭᠤᠯᠬᠤ    ᠤᠯᠤᠰ ᠠᠴᠠ ᠪᠠᠷᠠᠭᠠᠨ ᠤ ᠭᠦᠢᠯᠭᠡᠭᠡ ᠶᠢᠨ ᠬᠦᠢᠰᠦ᠂ ᠤᠯᠤᠰ ᠠᠴᠠ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠭᠤᠤᠯᠯᠠᠬᠤ ᠰᠠᠭᠤᠷᠢᠨ ᠭᠠᠵᠠᠷ᠂ ᠤᠯᠤᠰ ᠠᠴᠠ ᠲᠡᠰ ᠤᠨ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢᠯᠡᠬᠦ ᠲᠠᠯᠠᠪᠠᠢ ᠥᠷᠲᠡᠭᠡ ᠪᠠ ᠳᠠᠮᠵᠢᠭᠤᠯᠤᠨ ᠲᠡᠭᠡᠭᠡᠪᠦᠷᠢᠯᠡᠬᠦ ᠲᠤᠨᠤᠭ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠤᠶᠤᠨᠲᠤ ᠪᠠᠷᠠᠭᠠᠨ ᠤ ᠭᠦᠢᠯᠭᠡᠭᠡ ᠶᠢᠨ ᠬᠦᠢᠰᠦ᠂ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ ᠥᠨᠳᠥᠷ ᠪᠠᠷᠢᠮᠵᠢᠶᠠᠲᠤ ᠬᠥᠮᠥᠷᠭᠡ᠂ ᠬᠢᠯᠢ ᠶᠢᠨ ᠪᠣᠭᠤᠮᠲᠠ ᠶᠢᠨ ᠲᠡᠮᠦᠷ ᠵᠠᠮ ᠤᠨ ᠰᠣᠯᠢᠵᠤ ᠲᠡᠭᠡᠭᠡᠪᠦᠷᠢᠯᠡᠬᠦ ᠲᠤᠨᠤᠭ ᠲᠥᠬᠦᠭᠡᠷᠦᠮᠵᠢ ᠵᠢᠴᠢ ᠠᠦ᠋ᠲ᠋ᠣ᠋ ᠪᠠᠷ ᠢᠯᠭᠠᠬᠤ ᠰᠢᠰᠲ᠋ᠧᠮ᠂ ᠣᠪᠣᠭᠠᠯᠠᠬᠤ ᠮᠠᠰᠢᠨ᠂ ᠴᠠᠬᠢᠯᠭᠠᠨ ᠬᠦᠳᠡᠯᠭᠡᠭᠦᠷ ᠤᠨ ᠠᠴᠠᠲᠤ ᠲᠡᠷᠭᠡ ᠵᠡᠷᠭᠡ ᠲᠤᠨᠤᠭ ᠲᠥᠬᠦᠭᠡᠷᠦᠮᠵᠢ ᠶᠢ ᠬᠡᠷᠡᠭᠯᠡᠬᠦ ᠣᠶᠤᠨᠴᠢ ᠪᠣᠰᠤᠭ᠎ᠠ ᠴᠣᠭᠴᠠᠲᠤ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ  ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠳᠡᠮᠵᠢᠨ᠎ᠡ᠃ ᠬᠥᠯᠳᠡᠭᠡᠵᠦ ᠬᠠᠳᠠᠭᠠᠯᠠᠬᠤ ᠲᠡᠷᠭᠡ ᠵᠡᠷᠭᠡ ᠲᠡᠭᠡᠭᠡᠪᠦᠷᠢ ᠶᠢᠨ ᠲᠥᠬᠦᠭᠡᠷᠦᠮᠵᠢ᠂ ᠬᠥᠯᠳᠡᠭᠡᠬᠦ ᠰᠢᠰᠲ᠋ᠧᠮ ᠵᠡᠷᠭᠡ ᠬᠦᠢᠲᠡᠨ ᠬᠡᠯᠬᠢᠶᠡᠲᠦ ᠲᠦᠭᠦᠭᠡᠷᠤᠮᠵᠢ ᠶᠢᠨ ᠣᠶᠤᠨᠴᠢᠯᠠᠭᠰᠠᠨ ᠪᠣᠬᠢᠷᠲᠤᠯ ᠥᠬᠡᠶ ᠳᠡᠰ ᠳᠡᠪᠰᠢᠭᠦᠯᠦᠨ ᠥᠭᠡᠷᠡᠴᠢᠯᠡᠬᠦ ᠶᠢ ᠳᠠᠮᠵᠢᠨ᠎ᠠ᠃     ︵ᠳᠣᠯᠤᠭ᠎ᠠ︶ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠬᠤ    ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢᠨ ᠴᠠᠬᠢᠯᠭᠠᠨᠵᠢᠭᠰᠠᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠬᠢᠷ ᠬᠦᠶᠲᠡᠨ ᠭᠠᠵᠠᠷ ᠣᠷᠣᠨ ᠤ ᠲᠥᠷᠥᠯ ᠬᠤᠪᠢᠶᠠᠬᠤ ᠶᠢ ᠦᠨᠳᠦᠰᠦᠯᠡᠵᠦ᠂ ᠲᠤᠬᠠᠶ  ᠶᠢᠨ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ᠂ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠳᠡᠯᠭᠡᠷᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠠᠯᠪᠠᠨ ᠤ ᠮᠠᠰᠢᠨ ᠲᠡᠷᠭᠡ ᠶᠢᠨ ᠠᠯᠪᠠᠨ ᠠᠴᠠ ᠡᠵᠡᠩᠨᠡᠭᠰᠡᠨ ᠲᠦᠷᠢᠶᠡᠰᠦᠨ ᠮᠠᠰᠢᠨ ᠲᠡᠷᠭᠡᠨ ᠤ ᠠᠵᠤ ᠠᠬᠤᠶᠢᠯᠠᠯ ᠤᠨ ᠰᠢᠨ᠎ᠡ ᠡᠨᠧᠷᠭᠢ  ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠪᠦᠬᠦᠨ ᠢᠶᠠᠷ ᠰᠢᠨᠡᠳᠬᠡᠨ ᠬᠡᠷᠡᠭᠯᠡᠬᠦ ᠶᠢ ᠲᠦᠯᠬᠢᠨ ᠠᠬᠢᠭᠤᠯᠵᠤ᠂ ᠬᠤᠪᠢ ᠶᠢᠨ ᠡᠵᠡᠩᠨᠡᠭᠴᠢ ᠶᠢᠨ ᠳᠡᠯᠭᠡᠷᠡᠭᠦᠯᠦᠨ ᠬᠡᠷᠡᠭᠯᠡᠬᠦ ᠶᠢ ᠬᠦᠲᠦᠯᠦᠨ ᠳᠠᠭᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠱᠠᠭᠠᠷᠳᠠᠯᠭ᠎ᠠ ᠳᠤ ᠨᠡᠶᠢᠴᠡᠬᠦ ᠴᠠᠬᠢᠯᠭᠠᠨ ᠴᠡᠨᠡᠭᠯᠡᠬᠦ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠤᠭᠰᠠᠳ ᠲᠤ ᠲᠡᠷᠭᠡ ᠪᠦᠷᠢ 4 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠳ᠋ᠢᠶᠠᠨ ‍ᠣᠣᠢ ᠰᠣᠯᠢᠬᠤ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠤᠭᠰᠠᠳ ᠲᠤ ᠲᠡᠷᠭᠡ ᠪᠦᠷᠢ 4.5 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ ᠬᠡᠷᠡᠭᠯᠡᠭᠡᠨ ᠠᠴᠠ ᠭᠠᠷᠭᠠᠬᠤ ᠬᠤᠭᠤᠴᠠᠭ᠎ᠠ ᠨᠢ ᠣᠶᠢᠷᠠᠲᠤᠭᠰᠠᠨ ᠬᠠᠭᠤᠴᠢᠷᠠᠭᠰᠠᠨ ᠲᠦᠷᠢᠶᠡᠰᠦᠨ ᠮᠠᠰᠢᠨ ᠲᠡᠷᠭᠡ ᠶᠢ ᠰᠢᠨ᠎ᠡ ᠡᠨᠧᠷᠭᠢ ᠶᠢᠨ ᠮᠠᠰᠢᠨ ᠲᠡᠷᠭᠡ ᠪᠣᠯᠭᠠᠨ ᠰᠢᠨᠡᠳᠭᠡᠬᠦ᠂ ᠲᠣᠰᠣ ( ᠬᠡᠶ ) ᠰᠢᠲᠠᠭᠠᠬᠤ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ 1 ᠵᠢᠯ ᠡᠷᠲᠡ ᠬᠡᠷᠡᠭᠯᠡᠭᠡᠨ ᠠᠴᠠ ᠭᠠᠷᠭᠠᠨ ᠰᠢᠨ᠎ᠡ ᠡᠨᠧᠷᠭᠢ ᠶᠢᠨ ᠲᠤᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠪᠣᠯᠭᠠᠨ ᠰᠢᠨᠡᠳᠬᠡᠬᠦ ᠳᠤ ᠨᠢ ᠲᠡᠷᠭᠡ ᠪᠦᠷᠢ ᠳᠤ ᠳᠠᠬᠢᠨ 5000 ᠲᠥᠭᠦᠷᠢᠭ ᠨᠥᠬᠦᠪᠥᠷᠢᠯᠡᠨ᠎ᠡ᠃     ︵ᠨᠠᠶᠮᠠ︶ ᠴᠠᠬᠢᠯᠭᠠᠨ ᠴᠡᠨᠡᠭᠯᠡᠬᠦ ᠰᠠᠭᠤᠷᠢ ᠲᠦᠭᠦᠭᠡᠷᠤᠮᠵᠢ ᠶᠢᠨ ᠢᠵᠢ ᠪᠦᠷᠢᠳᠦᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠬᠤ    ᠰᠢᠨ᠎ᠡ ᠡᠨᠧᠷᠭᠢ ᠶᠢᠨ ᠲᠡᠷᠭᠡ ᠬᠥᠰᠬᠡ ᠶᠢᠨ ᠪᠠᠶᠢᠬᠤ ᠬᠡᠮᠵᠢᠶ᠎ᠡ ᠪᠠ ᠬᠥᠭᠵᠢᠯᠲᠡ ᠶᠢᠨ ᠣᠨᠴᠠᠯᠢᠭ ᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠵᠠᠰᠠᠮᠠᠯ ᠵᠠᠮ ᠳᠠᠭᠠᠤ ᠶᠢᠨ ᠢᠵᠢ ᠪᠦᠷᠢᠳᠦᠭᠦᠯᠦᠭᠰᠡᠨ ᠴᠠᠬᠢᠯᠭᠠᠨ ᠴᠡᠨᠡᠭᠯᠡᠵᠦ ᠰᠣᠯᠢᠬᠤ ᠥᠷᠲᠡᠭᠡ᠂ ᠬᠡᠲᠦ ᠲᠦᠷᠭᠡᠨ ᠴᠠᠬᠢᠯᠭᠠᠨ ᠴᠡᠨᠡᠭᠯᠡᠬᠦ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠠᠭᠤᠷᠢ  ᠲᠦᠭᠦᠭᠡᠷᠤᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠥᠲᠥᠭᠡᠨ ᠪᠠᠶᠢᠭᠤᠯᠤᠨ᠎ᠠ ᠃ ᠳᠡᠭᠡᠳᠦ ᠬᠤᠷᠳᠤ ᠶᠢᠨ ᠵᠠᠰᠠᠮᠠᠯ ᠵᠠᠮ᠂ ᠡᠩ ᠤᠨ ᠤᠯᠤᠰ ᠮᠤᠵᠢ ᠶᠢᠨ ᠭᠤᠣᠯ ᠱᠤᠭᠤᠮ ᠪᠣᠯᠤᠨ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠬᠤᠲᠠ ᠶᠢᠨ ᠤᠨ ᠬᠠᠪᠲᠠᠭᠠᠢ ᠬᠡᠯᠪᠡᠷᠢ᠂ ᠵᠠᠰᠠᠮᠠᠯ ᠵᠠᠮ ᠤᠨ ᠱᠤᠭᠤᠮ ᠬᠡᠯᠪᠡᠷᠢ᠂ ᠬᠥᠳᠡᠭᠡ ᠲᠣᠰᠬᠤᠨ ᠤ ᠴᠡᠭ ᠬᠡᠯᠪᠡᠷᠢ︾ ᠪᠦᠬᠦᠢ ᠴᠠᠬᠢᠯᠭᠠᠨ ᠴᠡᠨᠡᠭᠯᠡᠬᠦ ᠰᠠᠭᠤᠷᠢ ᠲᠦᠭᠦᠭᠡᠷᠤᠮᠵᠢ  ᠶᠢᠨ ᠲᠣᠣᠷ ᠢ ᠦᠨᠳᠦᠰᠦᠨ ᠳᠤ ᠪᠠᠨ ᠪᠤᠶ ᠪᠣᠯᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠶᠠᠨᠴᠢᠳ ᠤᠨ ᠲᠡᠭᠡᠭᠡᠪᠦᠷᠢ ᠶᠢᠨ ᠲᠠᠯᠠᠪᠠᠶ ᠥᠷᠲᠡᠭᠡ᠂ ᠦᠶᠯᠡᠴᠢᠯᠡᠭᠡᠨ  ᠤ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠰᠢᠨ᠎ᠡ ᠡᠨᠧᠷᠭᠢ ᠶᠢᠨ ᠲᠦᠭᠦᠭᠡᠷᠤᠮᠵᠢ ᠪᠦᠷᠢ ᠳᠤ 2 ᠲᠦᠮᠡᠨ ᠲᠥᠭᠦᠷᠢᠭ ᠤᠨ ᠨᠥᠬᠦᠪᠥᠷᠢ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠬᠦᠶᠰᠦ ᠳᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠲᠦᠭᠦᠭᠡᠷᠤᠮᠵᠢ ᠶᠢ ᠤᠷᠢᠳ ᠢᠶᠠᠷ ᠳᠣᠭᠢᠷᠠᠭᠤᠯᠵᠤ᠂ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠱᠣᠩ ᠤᠨ ᠪᠥᠲᠥᠭᠡᠨ ᠪᠠᠶᠢᠭᠤᠯᠬᠤ ᠪᠠᠷᠢᠮᠵᠢᠶ᠎ᠠ᠂ ᠪᠥᠲᠥᠭᠡᠨ ᠪᠠᠶᠢᠭᠤᠯᠬᠤ ᠬᠠᠷᠠᠯᠲᠠ᠂ ᠪᠥᠲᠥᠭᠡᠨ ᠪᠠᠶᠢᠭᠤᠯᠤᠨ ᠡᠵᠡᠩᠨᠡᠬᠦ ᠭᠤᠤᠯ ᠴᠣᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠃     ︵ᠶᠢᠰᠦ ︶ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠬᠡᠷᠡᠭᠵᠢᠭᠦᠯᠬᠦ    ᠬᠤᠳᠠᠯᠳᠤᠭᠠᠨ ᠳᠤ ᠬᠡᠷᠡᠭᠯᠡᠬᠦ ᠲᠡᠷᠭᠡᠨ ᠤ ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠶᠢ ᠬᠢᠵᠠᠭᠠᠷᠯᠠᠬᠤ᠂ ᠪᠣᠬᠢᠷᠲᠤᠯ ᠪᠤᠳᠠᠰ ᠭᠠᠳᠠᠭᠰᠢᠯᠠᠭᠤᠯᠬᠤ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭᠠᠴᠠᠭ᠎ᠠ ᠬᠢᠬᠦ ᠵᠡᠷᠭᠡ ᠬᠦᠷᠢᠶᠡᠨ ᠳᠠᠬᠢ ᠤᠯᠤᠰ ᠤᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ᠂ ᠳᠡᠯᠭᠡᠷᠡᠭᠦᠯᠦᠨ ᠬᠡᠷᠡᠭᠯᠡᠬᠦ ᠪᠠ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠦᠷᠨᠢᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠪᠣᠬᠢᠷᠲᠤᠯ ᠥᠬᠡᠶ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠬᠦ᠂ ᠡᠬᠢ ᠪᠠᠶᠠᠯᠢᠭ ᠢ ᠠᠷᠪᠢᠲᠠᠶ ᠡᠷᠴᠢᠮᠵᠢᠭᠦᠯᠦᠨ ᠠᠰᠢᠭᠯᠠᠬᠤ ᠵᠡᠷᠭᠡ ᠲᠠᠯ᠎ᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠶᠢ ᠡᠮᠬᠢ ᠵᠢᠷᠤᠮ ᠲᠠᠢ ᠠᠬᠢᠭᠤᠯᠤᠨ᠎ᠠ᠃    ︵ᠠᠷᠪᠠ︶ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠬᠥᠲᠥᠯᠦᠨ ᠳᠠᠭᠠᠭᠤᠯᠬᠤ ᠶᠢ ᠦᠷᠨᠢᠭᠦᠯᠬᠦ    ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠲᠠ ᠶᠢᠨ ᠪᠣᠬᠢᠷᠲᠤᠯ ᠥᠬᠡᠶ ᠪᠠᠷᠠᠭ᠎ᠠ ᠲᠡᠭᠡᠭᠡᠪᠦᠷᠢᠯᠡᠵᠦ ᠲᠣᠬᠢᠷᠠᠭᠤᠯᠤᠨ ᠬᠦᠷᠭᠡᠬᠦ ᠠᠵᠢᠯ ᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡ ᠴᠣᠠᠠᠴᠠᠵᠢᠭᠤᠯᠥᠠᠠᠰᠠᠨ ᠬᠥᠭᠵᠢᠯᠲᠡ ᠶᠢ ᠭᠦᠨᠵᠡᠭᠡᠶᠢᠷᠡᠭᠦᠯᠦᠨ᠂ ᠣᠷᠳᠣᠰ ᠬᠤᠲᠠ ᠶᠢᠨ ᠬᠤᠲᠠ ᠶᠢᠨ ᠣᠯᠠᠨ ᠨᠡᠶᠢᠲᠡ  ᠶᠢᠨ ᠬᠦᠷᠢᠶᠡᠨ ᠳᠠᠬᠢ ᠲᠡᠷᠭᠡ ᠬᠥᠰᠬᠡ ᠶᠢᠨ ᠪᠥᠬᠦ ᠲᠠᠯ᠎ᠠ ᠪᠠᠷ ᠴᠠᠬᠢᠯᠭᠠᠨᠵᠢᠭᠤᠯᠤᠯᠲᠠ ᠶᠢ ᠤᠷᠢᠳ ᠢᠶᠠᠷ ᠬᠡᠷᠡᠭᠵᠢᠭᠦᠯᠬᠦ ᠭᠠᠵᠠᠷ ᠤᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠲᠡᠷᠭᠡ ᠬᠥᠰᠬᠡ ᠶᠢ ᠳᠡᠯᠭᠡᠷᠡᠭᠦᠯᠦᠨ ᠬᠡᠷᠡᠭᠯᠡᠬᠦ ᠶᠢ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢᠨ ᠭᠤᠤᠯ ᠡᠭᠦᠷᠭᠡ ᠪᠣᠯᠭᠠᠬᠤ ᠶᠢ ᠪᠠᠷᠢᠮᠲᠠᠯᠠᠨ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠨ᠎ᠠ᠃ ᠡᠯ᠎ᠡ ᠭᠠᠵᠠᠷ ᠤᠨ ᠰᠢᠶᠠᠨ ᠤ ᠬᠡᠪᠴᠢᠶᠡᠨ ᠳᠤ ᠴᠠᠬᠢᠯᠭᠠᠨ ᠴᠡᠨᠡᠭᠯᠡᠵᠦ ᠰᠣᠯᠢᠬᠤ ᠲᠦᠭᠦᠭᠡᠷᠤᠮᠵᠢ ᠶᠢᠨ ᠲᠤᠲᠠᠭᠤᠳᠠᠯ ᠢᠶᠠᠨ ᠨᠥᠬᠦᠪᠥᠷᠢᠯᠡᠬᠦ ᠲᠤᠷᠰᠢᠯᠲᠠ ᠶᠢᠨ ᠴᠡᠭ ᠪᠠ ᠴᠠᠬᠢᠯᠭᠠᠨ ᠴᠡᠨᠡᠭᠯᠡᠬᠦ ᠰᠠᠭᠤᠷᠢ ᠲᠦᠭᠦᠭᠡᠷᠤᠮᠵᠢ ᠶᠢ ᠪᠥᠲᠥᠭᠡᠨ ᠪᠠᠶᠢᠭᠤᠯᠵᠤ ᠬᠡᠷᠡᠭᠯᠡᠭᠡᠨ ᠤ ᠵᠢᠱᠢᠶ᠎ᠡ ᠦᠵᠡᠭᠦᠯᠬᠦ ᠰᠢᠶᠠᠨ᠂ ᠵᠢᠱᠢᠶ᠎ᠡ ᠦᠵᠡᠭᠦᠯᠬᠦ ᠰᠢᠶᠠᠩ ᠪᠠᠯᠭᠠᠰᠤ ᠪᠠᠶᠢᠭᠤᠯᠬᠤ ᠶᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ  ᠶᠢᠨ ᠴᠠᠬᠢᠯᠭᠠᠨ ᠴᠡᠨᠡᠭᠯᠡᠵᠦ ᠰᠣᠯᠢᠬᠤ ᠲᠦᠭᠦᠭᠡᠷᠤᠮᠵᠢ ᠶᠢᠨ ᠲᠤᠲᠠᠭᠤᠳᠠᠯ ᠢᠶᠠᠨ ᠨᠥᠬᠦᠪᠥᠷᠢᠯᠡᠬᠦ ᠶᠢ ᠲᠦᠷᠭᠡᠳᠬᠡᠵᠦ᠂ ᠵᠠᠮ ᠬᠠᠷᠢᠯᠴᠠᠭᠠᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠶᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠬᠦᠴᠦᠨ ᠨᠡᠮᠡᠷᠢᠯᠡᠨ᠎ᠡ᠃     ᠭᠤᠷᠪᠠ᠂  ᠪᠠᠲᠤᠯᠠᠬᠤ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠮᠣ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠶᠢ ᠲᠣᠪᠣᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠡᠭᠦᠷᠭᠡ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠨᠠᠶᠢᠳᠠᠪᠤᠷᠢᠵᠢᠭᠤᠯᠵᠤ᠂ ᠮᠥᠷᠳᠡᠨ ᠵᠢᠯᠣᠭᠤᠳᠬᠤ ᠪᠠᠨ ᠴᠢᠩᠭᠠᠳᠬᠠᠨ᠂ ᠡᠯ᠎ᠡ ᠵᠦᠶᠯ ᠤᠨ ᠡᠭᠦᠷᠭᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠢᠶᠠᠨ ᠬᠤᠪᠢᠳᠠᠨ ᠬᠠᠮᠵᠢᠯᠴᠠᠬᠤ ᠪᠠᠨ ᠴᠢᠩᠭᠠᠳᠬᠠᠵᠤ᠂ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠲᠠᠶᠢᠯᠤᠮᠵᠢ ᠶᠢ ᠰᠠᠶᠢᠲᠤᠷ ᠬᠢᠵᠦ᠂ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ᠂ ᠪᠣᠬᠢᠷᠲᠤᠯ ᠥᠬᠡᠶ ᠶᠠᠪᠤᠵᠤ ᠰᠠᠭᠤᠬᠤ ᠤᠬᠠᠭᠤᠯᠭ᠎ᠠ ᠶᠢᠨ ᠰᠠᠷ᠎ᠠ ᠵᠡᠷᠭᠡ ᠠᠵᠢᠯᠯᠠᠭ᠎ᠠ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠠᠵᠤ ᠠᠬᠤᠶᠢᠯᠠᠯ᠂ ᠣᠯᠠᠨ ᠲᠦᠮᠡᠨ ᠤ ᠣᠷᠣᠯᠴᠠᠯᠭ᠎ᠠ ᠪᠠ ᠳᠡᠮᠵᠢᠯᠭᠡ ᠶᠢ ᠢᠳᠡᠪᠬᠢᠲᠡᠶ ᠣᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠶᠢ ᠰᠢᠨᠡᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃     ︵ᠬᠤᠶᠠᠷ︶ ᠪᠡᠯᠡ ᠮᠥᠩᠭᠦ ᠶᠢᠨ ᠳᠡᠮᠵᠢᠯᠭᠡ ᠪᠠᠨ ᠨᠡᠮᠡᠭᠳᠡᠭᠦᠯᠦᠨ᠎ᠡ᠃ ᠤᠯᠤᠰ ᠤᠨ ᠬᠠᠭᠤᠴᠢᠷᠠᠭᠰᠠᠨ ᠡᠵᠡᠩᠨᠡᠯᠲᠡ ᠶᠢᠨ ᠲᠡᠷᠭᠡ ᠣᠩᠭᠤᠴᠠ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠠᠯᠠ ᠮᠥᠩᠭᠦ ᠶᠢᠨ ᠨᠥᠬᠦᠪᠥᠷᠢ  ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠠᠴᠠ ᠢᠵᠢ ᠪᠥᠷᠢᠳᠦᠭᠦᠯᠬᠦ ᠠᠵᠢᠯᠯᠠᠭᠠᠨ ᠤ ᠨᠠᠷᠢᠨ ᠲᠦᠷᠢᠮ ᠢ ᠲᠣᠭᠲᠠᠭᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠪᠠᠯᠠ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠪᠠ᠃ ᠡᠯ᠎ᠡ ᠭᠠᠵᠠᠷ ᠤᠨ ᠬᠢᠨ ᠬᠠᠭᠤᠴᠢᠷᠠᠭᠰᠠᠨ ᠡᠵᠡᠩᠨᠡᠯᠲᠡ ᠶᠢᠨ ᠲᠡᠷᠭᠡ ᠣᠩᠭᠤᠴᠠ ᠶᠢ ᠰᠢᠭᠰᠢᠳᠡᠭᠦᠯᠦᠨ ᠰᠢᠨᠡᠳᠬᠡᠬᠦ ᠨᠥᠬᠦᠪᠥᠷᠢ ᠶᠢ ᠰᠠᠶᠢᠲᠤᠷ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠶᠯ ᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠪᠡᠯᠡ ᠮᠥᠩᠭᠦ ᠶᠢᠨ ᠳᠡᠮᠵᠢᠬᠦ ᠬᠡᠪᠴᠢᠶᠡᠨ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠬᠤ ᠬᠡᠷᠡᠭᠲᠡᠶ᠃ ᠲᠥᠪ ᠤᠨ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠬᠤᠲᠠ ᠶᠢᠨ ᠵᠠᠮ ᠬᠠᠷᠢᠯᠴᠠᠭ᠎ᠠ ᠶᠢ ᠬᠦᠭᠵᠢᠭᠦᠯᠬᠦ ᠱᠠᠩᠨᠠᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠠᠰᠢᠭᠯᠠᠵᠤ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ᠂ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ ᠪᠠ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ ᠵᠠᠰᠠᠮᠠᠯ ᠵᠠᠮ ᠠᠷᠠᠴᠢᠯᠠᠬᠤ ᠮᠠᠰᠢᠨ ᠲᠣᠨᠣᠭᠯᠠᠯ ᠵᠢᠴᠢ ᠪᠠᠴᠢᠮ ᠪᠠᠶᠢᠳᠠᠯ ᠢ  ᠠᠷᠭᠠᠴᠠᠭᠠᠬᠤ ᠲᠣᠨᠤᠭ ᠲᠥᠬᠦᠭᠡᠷᠦᠮᠵᠢ ᠶᠢᠨ ᠰᠢᠨᠡᠳᠬᠡᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ ᠪᠠ ᠲᠥᠷᠥ ᠶᠢᠨ ᠪᠣᠳᠣᠯᠭ᠎ᠠ ᠶᠢᠨ ᠨᠥᠭᠡᠴᠡ ᠶᠢ ᠴᠢᠩᠭᠠᠳᠬᠠᠨ᠎ᠠ᠃ ᠡᠯ᠎ᠡ ᠭᠠᠵᠠᠷ  ᠤᠨ ᠰᠢᠦᠳᠠᠨ ᠤ ᠲᠦᠷᠭᠡᠨ ᠬᠦᠷᠭᠡᠯᠲᠡ ᠶᠢᠨ ᠢᠯᠭᠠᠬᠤ ᠲᠥᠬᠦᠭᠡᠷᠦᠮᠵᠢ ᠶᠢ ᠰᠢᠨᠡᠳᠬᠡᠬᠦ ᠳᠤ ᠲᠥᠷᠥ ᠶᠢᠨ ᠪᠣᠳᠣᠯᠭ᠎ᠠ  ᠶᠢᠨ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃     ︵ᠭᠤᠷᠪᠠ︶ ᠮᠥᠩᠭᠦᠨ ᠭᠦᠶᠯᠭᠡᠭᠡᠨ ᠤ ᠳᠡᠮᠵᠢᠯᠭᠡ ᠶᠢ ᠰᠢᠯᠢᠳᠡᠭᠵᠢᠭᠦᠯᠦᠨ᠎ᠡ᠃ ᠮᠥᠩᠭᠦᠨ ᠭᠦᠶᠯᠭᠡᠭᠡᠨ ᠤ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠮᠡᠷᠭᠡᠵᠢᠯ ᠤᠨ ᠥᠭᠡᠷᠡᠴᠢᠯᠡᠯᠲᠡ ᠳᠤ ᠳᠠᠬᠢᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ  ᠶᠢᠨ ᠪᠠᠭᠠᠵᠢ ᠶᠢᠨ ᠤᠷᠮᠠᠰᠢᠭᠤᠯᠬᠤ ᠦᠶᠯᠡᠳᠦᠯ ᠢ ᠪᠠᠳᠠᠷᠠᠭᠤᠯᠤᠨ᠂ ᠣᠷᠣᠨ ᠤ ᠳᠣᠲᠣᠷᠠᠬᠢ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭ᠎ᠠ ᠲᠡᠭᠡᠭᠡᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠳᠡᠮᠵᠢᠬᠦ ᠶᠢ ᠴᠢᠩᠭᠠᠷᠠᠭᠤᠯᠤᠨ᠎ᠠ᠃ ᠣᠷᠣᠨ ᠤ ᠳᠣᠲᠣᠷᠠᠬᠢ ᠪᠠᠩᠬᠢ ᠳᠠᠭᠠᠳᠬᠠᠯ ᠤᠨ ᠪᠠᠶᠢᠭᠤᠯᠤᠮᠵᠢ ᠶᠢᠨ ᠣᠯᠠᠨ ᠶᠠᠩᠵᠤᠴᠢᠯᠠᠭᠰᠠᠨ ᠮᠥᠩᠭᠦᠨ ᠭᠦᠶᠯᠭᠡᠭᠡᠨ ᠤ ᠦᠶᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠪᠠᠯᠠ ᠲᠣᠬᠢᠷᠠᠭᠤᠯᠭ᠎ᠠ ᠶᠢᠨ ᠳᠥᠭᠦᠮ ᠦᠵᠡᠭᠦᠯᠬᠦ ᠬᠡᠮᠵᠢᠶ᠎ᠡ ᠪᠠ ᠳᠠᠭᠠᠳᠬᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ︵ᠳᠥᠷᠪᠡ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠬᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠶᠢ ᠰᠢᠨᠡᠳᠬᠡᠬᠦ ᠶᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠦᠭᠰᠢᠭᠦᠷᠢ ᠶᠢ ᠰᠡᠷᠭᠡᠶᠢᠯᠡᠬᠦ ᠪᠠᠨ ᠴᠢᠩᠭᠠᠳᠬᠠᠨ᠂ ᠣᠷᠣᠨ ᠨᠤᠲᠤᠭ ᠤᠨ ᠬᠠᠮᠠᠭᠠᠯᠠᠯᠲᠠ᠂ ᠠᠵᠤ ᠠᠬᠤᠶᠢᠯᠠᠯ ᠤᠨ ᠵᠠᠪᠰᠢᠶᠠᠨ ᠢ ᠳᠠᠯᠢᠮᠳᠠᠭᠤᠯᠤᠨ ᠦᠨ᠎ᠡ ᠥᠰᠬᠡᠬᠦ᠂ ᠲᠣᠭᠲᠠᠭᠠᠯ ᠠᠴᠠ ᠵᠥᠷᠢᠴᠡᠨ ᠨᠥᠬᠦᠪᠥᠷᠢ ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠵᠦ᠂ ᠪᠡᠯᠡ ᠮᠥᠩᠭᠦ ᠶᠢᠨ ᠬᠡᠷᠡᠭᠯᠡᠯᠲᠡ ᠨᠢ ᠲᠣᠭᠲᠠᠭᠠᠯ ᠳᠤ ᠨᠡᠶᠢᠴᠡᠬᠦ᠂ ᠰᠢᠨᠡᠳᠬᠡᠬᠦ ᠲᠥᠬᠦᠭᠡᠷᠦᠮᠵᠢ ᠶᠢᠨ ᠶᠠᠰᠤ ᠴᠢᠨᠠᠷ ᠤᠨ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠨᠠᠯᠲᠠ ᠲᠠᠯᠪᠢᠵᠤ ᠰᠢᠯᠭᠠᠬᠤ ᠶᠢ ᠴᠢᠩᠭᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ  ᠶᠢᠨ ᠰᠢᠨᠡᠳᠬᠡᠵᠦ ᠰᠣᠯᠢᠭᠳᠠᠭᠰᠠᠨ ᠪᠠᠶᠢᠳᠠᠯ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠦᠨᠡᠯᠡᠬᠦ ᠰᠢᠰᠲ᠋ᠧᠮ ᠪᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠦᠨᠡᠯᠡᠨ ᠵᠢᠱᠢᠬᠦ ᠰᠢᠰᠲ᠋ᠧᠮ ᠳᠤ ᠣᠷᠣᠭᠤᠯᠤᠨ᠎ᠠ᠃ ᠡᠯ᠎ᠡ ᠭᠠᠵᠠᠷ ᠤᠨ  ᠬᠢᠨ ᠲᠥᠬᠦᠭᠡᠷᠦᠮᠵᠢ ᠰᠢᠨᠡᠳᠬᠡᠬᠦ ᠠᠵᠢᠯ ᠢ ᠠᠬᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠪᠠ ᠰᠠᠶᠢᠨ ᠬᠢᠳᠡᠯ ᠢ ᠴᠠᠭ ᠲᠤᠬᠠᠶ ᠳᠤ ᠨᠢ ᠳ᠋ᠦᠩᠨᠡᠨ ᠳᠡᠯᠭᠡᠷᠡᠭᠦᠯᠬᠦ ᠬᠡᠷᠡᠭᠲᠡᠶ᠃     ︵ᠲᠠᠪᠤ︶ ᠲᠥᠯᠥᠪᠵᠢᠭᠦᠯᠦᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃ ᠡᠯ᠎ᠡ ᠭᠠᠵᠠᠷ ᠤᠨ ᠬᠢᠨ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠪᠠ ᠬᠡᠷᠡᠭᠴᠡᠭᠡ ᠱᠠᠭᠠᠷᠳᠠᠯᠭ᠎ᠠ ᠶᠢ ᠨᠤᠲᠠᠯᠠᠬᠤ ᠶᠢ ᠭᠦᠨᠵᠡᠭᠡᠶ ᠥᠷᠨᠢᠭᠦᠯᠵᠦ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠣᠰ ᠭᠠᠵᠠᠷ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠶᠢ ᠰᠢᠨᠡᠳᠬᠡᠬᠦ ᠨᠠᠷᠢᠨ ᠬᠠᠭᠤᠳᠠᠰᠤ ᠶᠢ ᠡᠮᠬᠢᠯᠡᠨ ᠲᠣᠭᠲᠠᠭᠠᠵᠤ᠂ ᠠᠵᠢᠯ ᠤᠨ ᠲᠥᠯᠥᠪᠯᠡᠭᠡ ᠲᠣᠭᠲᠠᠭᠠᠨ᠂ ᠲᠥᠷᠥᠯ ᠵᠦᠶᠯ ᠤᠨ ᠨᠦᠬᠡᠴᠡᠯᠡᠬᠦ ᠶᠢ ᠰᠢᠮᠳᠠᠭᠤᠯᠵᠤ᠂ ᠲᠥᠷᠥᠯ ᠵᠦᠶᠯ ᠤᠨ ᠡᠮᠦᠨᠡᠬᠢ ᠬᠤᠭᠤᠴᠠᠭ᠎ᠠ ᠶᠢ ᠰᠠᠶᠢᠲᠤᠷ ᠬᠢᠵᠦ᠂ ᠡᠯ᠎ᠡ ᠵᠦᠶᠯ ᠤᠨ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠰᠢᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠤᠳᠤᠯᠭᠠᠨ ᠢᠶᠠᠨ ᠴᠢᠩᠭᠠᠳᠬᠠᠵᠤ᠂ ᠬᠡᠷᠡᠭᠯᠡᠵᠦ ᠪᠣᠯᠬᠤᠶᠢᠴᠠ ᠲᠥᠷᠥ ᠶᠢᠨ ᠪᠣᠳᠣᠯᠭ᠎ᠠ ᠶᠢᠨ ᠪᠠᠭᠠᠵᠢ ᠪᠣᠯᠤᠨ ᠪᠠᠯᠠ ᠮᠥᠩᠭᠦᠨ ᠤ ᠡᠬᠢ ᠪᠠᠶᠠᠯᠢᠭ ᠢ ᠭᠦᠶᠴᠡᠳ ᠰᠠᠶᠢᠲᠤᠷ ᠬᠡᠷᠡᠭᠯᠡᠵᠦ᠂ ᠲᠥᠷᠥᠯ ᠵᠦᠶᠯ ᠢ ᠲᠥᠯᠥᠪᠵᠢᠭᠦᠯᠬᠦ ᠪᠠ ᠭᠤᠶᠤᠴᠢᠯᠠᠨ ᠮᠡᠳᠡᠭᠦᠯᠬᠦ ᠠᠵᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠲᠥᠷᠥᠯ ᠵᠦᠶᠯ ᠤᠨ ᠬᠡᠷᠡᠭᠵᠢᠭᠦᠯᠦᠯᠲᠡ ᠶᠢ ᠵᠢᠯᠣᠭᠤᠳᠤᠨ ᠰᠠᠶᠢᠲᠤᠷ ᠬᠢᠵᠦ᠂ ᠲᠥᠬᠦᠭᠡᠷᠦᠮᠵᠢ ᠶᠢ ᠰᠢᠨᠡᠳᠬᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠃     ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠵᠢᠷᠤᠭᠲᠤ  ᠲᠠᠢᠯᠤᠮᠵᠢ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠬᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠦᠯ︾
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号