9 ᠳ᠋ᠦ᠋ᠭᠡᠷ ᠰᠠᠷ᠎ᠠ ᠶᠢᠨ 10 ᠤ ᠡᠳᠦᠷ ᠤᠨ 23 ᠴᠠᠭ ᠲᠤ᠂ 500 ᠭᠠᠷᠤᠶ ᠪᠠᠷᠢᠯᠭ᠎ᠠ ᠶᠢᠨ ᠠᠵᠢᠯᠲᠠᠨ᠂ 60 | ᠭᠠᠷᠤᠶ ᠢᠵᠢ ᠮᠠᠰᠢᠨ ᠲᠥᠬᠦᠭᠡᠷᠦᠮᠵᠢ᠂ 5 ᠴᠠᠭ ᠤᠨ ᠪᠠᠴᠢᠮ ᠶᠠᠭᠠᠷᠠᠯᠲᠠᠶ ᠠᠵᠢᠯᠯᠠᠬᠤ ᠪᠠᠷ ᠳᠡᠮᠵᠢᠨ᠂ | ᠪᠤᠭᠤᠲᠤ ᠠᠴᠠ ᠢᠷᠭᠠᠶ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠤᠨ ᠪᠥᠬᠦ ᠱᠤᠭᠤᠮ ᠤᠨ ᠬᠠᠮᠤᠭ ᠤᠨ ᠶᠡᠭᠡ | ᠰᠢᠨ᠎ᠡ ᠪᠠᠷ ᠪᠥᠲᠥᠭᠡᠨ ᠪᠠᠶᠢᠭᠤᠯᠤᠭᠰᠠᠨ ᠥᠷᠲᠡᠭᠡ ᠪᠣᠯᠬᠤ ᠦᠬᠠᠶ ᠥᠷᠲᠡᠭᠡ ᠶᠢᠨ ᠪᠤᠭᠤᠲᠤ ᠠᠴᠠ ᠯᠠᠨᠵᠧᠦ ᠬᠥᠷᠬᠦ | ᠬᠤᠤᠰ ᠱᠤᠭᠤᠮ ᠤᠨ ᠵᠠᠯᠠᠵᠤ ᠵᠠᠯᠭᠠᠬᠤ ᠪᠠᠷᠢᠯᠭ᠎ᠠ ᠶᠢᠨ ᠠᠵᠢᠯ ᠤᠷᠤᠭᠰᠢᠲᠠᠶ ᠪᠡᠶᠡᠯᠡᠭᠳᠡᠵᠦ᠂ ᠪᠤᠭᠤᠲᠤ ᠠᠴᠠ | ᠯᠠᠨᠵᠧᠦ ᠬᠥᠷᠬᠦ ᠲᠡᠮᠦᠷ ᠵᠠᠮ ᠢ ᠦᠬᠠᠶ ᠥᠷᠲᠡᠭᠡ ᠳᠤ ᠠᠮᠵᠢᠯᠲᠠ ᠲᠠᠢ ᠵᠠᠯᠭᠠᠨ ᠣᠷᠣᠭᠤᠯᠤᠭᠰᠠᠨ ᠨᠢ ᠦᠬᠠᠶ | ᠥᠷᠲᠡᠭᠡ ᠶᠢᠨ ᠡᠩ ᠤᠨ ᠬᠤᠷᠳᠤᠴᠠ ᠶᠢᠨ ᠲᠠᠯᠠᠪᠠᠢ ᠲᠡᠷᠭᠡ ᠨᠡᠪᠲᠡᠷᠡᠬᠦ ᠨᠥᠬᠦᠴᠡᠯ ᠢ ᠪᠦᠷᠢᠯᠳᠦᠭᠦᠯᠦᠭᠰᠡᠨ ᠢ | ᠬᠠᠷᠠᠭᠤᠯᠵᠤ ᠪᠣᠶ᠃ | ᠣᠶᠢᠯᠠᠭᠠᠭᠰᠠᠨ ᠢᠶᠠᠷ᠂ ᠲᠣᠰ ᠤᠳᠠᠭ᠎ᠠ ᠶᠢᠨ ᠦᠬᠠᠶ ᠥᠷᠲᠡᠭᠡ ᠶᠢᠨ ᠪᠤᠭᠤᠲᠤ ᠠᠴᠠ ᠯᠠᠨᠵᠧᠦ ᠬᠥᠷᠬᠦ ᠬᠤᠤᠰ | ᠱᠤᠭᠤᠮ ᠤᠨ ᠵᠠᠯᠠᠵᠤ ᠵᠠᠯᠭᠠᠬᠤ ᠠᠵᠢᠯ ᠨᠢ ᠨᠢᠭᠡᠨᠲᠡ ᠪᠠᠶᠢᠭᠰᠠᠨ ᠪᠤᠭᠤᠲᠤ ᠠᠴᠠ ᠯᠠᠨᠵᠧᠦ ᠬᠥᠷᠬᠦ ᠲᠡᠮᠦᠷ ᠵᠠᠮ ᠤᠨ | ᠳᠡᠭᠡᠭᠰᠢ ᠳᠣᠷᠣᠭᠰᠢ ᠨᠡᠪᠲᠡᠷᠡᠬᠦ ᠱᠤᠭᠤᠮ ᠢ ᠰᠢᠨ᠎ᠡ ᠪᠠᠷ ᠪᠠᠶᠢᠭᠤᠯᠤᠭᠰᠠᠨ ᠦᠬᠠᠶ ᠥᠷᠲᠡᠭᠡ ᠶᠢᠨ ᠡᠩ ᠤᠨ | ᠬᠤᠷᠳᠤᠴᠠ ᠶᠢᠨ ᠲᠠᠯᠠᠪᠠᠶ ᠳᠤ ᠵᠠᠯᠭᠠᠵᠤ ᠣᠷᠣᠭᠤᠯᠤᠨ᠂ ᠵᠠᠯᠭᠠᠯᠲᠠ ᠶᠢᠨ ᠪᠠᠷᠢᠯᠭ᠎ᠠ ᠨᠢ 632 ᠮᠧᠲᠷ ᠪᠠᠶᠢᠵᠤ᠂ | ᠪᠠᠷᠢᠯᠭ᠎ᠠ ᠶᠢᠨ ᠶᠠᠪᠤᠳᠠᠯ᠂ ᠴᠠᠬᠢᠯᠭᠠᠨ ᠤ ᠶᠠᠪᠤᠳᠠᠯ᠂ ᠴᠠᠬᠢᠯᠭᠠᠨ ᠬᠠᠩᠭᠠᠬᠤ ᠲᠤᠰᠬᠠᠶ ᠮᠡᠷᠭᠡᠵᠢᠯ ᠤᠨ ᠪᠣᠰᠤᠭ᠎ᠠ | ᠴᠣᠭᠴᠠᠲᠤ ᠰᠣᠯᠪᠢᠴᠠᠯ ᠤᠨ ᠪᠠᠷᠢᠯᠭ᠎ᠠ ᠲᠠᠢ ᠬᠤᠯᠪᠣᠭᠳᠠᠵᠤ᠂ ᠡᠨᠡ ᠬᠤᠭᠤᠴᠠᠭᠠᠨ ᠳᠤ ᠵᠠᠮ ᠱᠤᠭᠤᠮ ᠢ ᠵᠠᠯᠠᠵᠤ | ᠰᠢᠯᠵᠢᠭᠦᠯᠬᠦ᠂ ᠲᠡᠮᠦᠷ ᠵᠠᠮ ᠢ ᠨᠡᠶᠢᠯᠡᠭᠦᠯᠬᠦ᠂ ᠵᠠᠮ ᠤᠨ ᠵᠠᠶᠢᠷ ᠢ ᠪᠥᠭᠯᠡᠬᠦ᠂ ᠲᠣᠮᠣ ᠮᠠᠰᠢᠨ ᠢᠶᠠᠷ ᠨᠦᠳᠦᠵᠦ | ᠪᠠᠬᠢᠵᠢᠭᠦᠯᠬᠦ᠂ ᠨᠡᠪᠲᠡᠷᠡᠭᠦᠯᠬᠦ ᠲᠤᠷᠰᠢᠯᠲᠠ ᠵᠡᠷᠭᠡ ᠣᠯᠠᠨ ᠪᠠᠷᠢᠯᠭ᠎ᠠ ᠶᠢᠨ ᠲᠥᠷᠥᠯ ᠵᠦᠶᠯ ᠢ ᠪᠡᠶᠡᠯᠡᠭᠦᠯᠵᠡᠢ᠃ | | | | ᠪᠤᠭᠤᠲᠤ ᠠᠴᠠ ᠢᠷᠭᠠᠶ ᠬᠥᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠰᠢᠨ᠎ᠡ ᠪᠠᠷ ᠪᠠᠶᠢᠭᠤᠯᠤᠭᠰᠠᠨ ᠦᠬᠠᠶ | ᠥᠷᠲᠡᠭᠡ ᠪᠣᠯ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠠᠮᠤᠭ ᠤᠨ ᠶᠡᠭᠡ ᠲᠡᠮᠦᠷ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠬᠦᠶᠰᠦ ᠥᠷᠲᠡᠭᠡ ᠪᠣᠯᠤᠨ᠎ᠠ᠂ ᠳᠡᠭᠡᠳᠦ ᠬᠤᠷᠳᠤ ᠶᠢᠨ ᠪᠠ ᠠᠩ ᠤᠨ ᠬᠤᠷᠳᠤ ᠶᠢᠨ ᠲᠡᠮᠦᠷ ᠵᠠᠮ ᠢ | ᠬᠠᠮᠲᠤ ᠪᠠᠷ ᠪᠠᠶᠢᠭᠤᠯᠬᠤ ᠡᠵᠡᠩᠨᠡᠯᠲᠡ ᠶᠢᠨ ᠵᠠᠭᠪᠤᠷ ᠢ ᠬᠡᠷᠡᠭᠯᠡᠵᠦ᠂ ᠶᠡᠷᠦᠩᠬᠡᠶ ᠬᠡᠪᠴᠢᠶ᠎ᠡ ᠨᠢ 4 ᠰᠠᠤᠷᠢ 11 | ᠱᠤᠭᠤᠮ᠂ ᠥᠷᠲᠡᠭᠡ ᠨᠢ 10000 ᠲᠡᠭᠰᠢ ᠳᠥᠷᠪᠡᠯᠵᠢᠨ ᠮᠧᠲᠷ ᠰᠢᠬᠠᠮ ᠪᠠᠶᠢᠵᠤ᠂ ᠳᠡᠭᠡᠳᠦ ᠬᠤᠷᠳᠤ ᠶᠢᠨ | ᠲᠠᠯᠠᠪᠠᠢ ᠨᠢ ᠭᠤᠤᠯᠳᠠᠭᠤ ᠢᠷᠡᠭᠡᠳᠦᠶ ᠳᠤ ᠦᠬᠠᠶ ᠥᠷᠲᠡᠭᠡ ᠪᠠᠷ ᠣᠷᠣᠵᠤ ᠭᠠᠷᠬᠤ ᠡᠯ᠎ᠡ ᠤᠳᠠᠭ᠎ᠠ ᠶᠢᠨ ᠳᠡᠭᠡᠳᠦ | ᠬᠤᠷᠳᠤ ᠶᠢᠨ ᠭᠠᠯᠲᠤ ᠲᠡᠷᠭᠡ᠂ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠶᠢᠨ ᠨᠡᠪᠲᠡᠷᠡᠬᠦ ᠴᠢᠳᠠᠮᠵᠢ ᠶᠢ | ᠡᠭᠦᠷᠭᠡᠯᠡᠵᠦ᠂ ᠡᠩ ᠤᠨ ᠬᠤᠷᠳᠤ ᠶᠢᠨ ᠲᠠᠯᠠᠪᠠᠢ ᠨᠢ ᠭᠤᠤᠯᠳᠠᠭᠤ ᠡᠯ᠎ᠡ ᠤᠳᠠᠭ᠎ᠠ ᠶᠢᠨ ᠡᠩ ᠤᠨ ᠬᠤᠷᠳᠤ ᠶᠢᠨ | ᠭᠠᠯᠲᠤ ᠲᠡᠷᠭᠡ ᠶᠢᠨ ᠨᠡᠪᠲᠡᠷᠡᠬᠦ ᠳᠤ ᠬᠡᠷᠡᠭᠯᠡᠭᠦᠯᠦᠨ᠎ᠡ᠃ ᠡᠩ ᠤᠨ ᠬᠤᠷᠳᠤ ᠶᠢᠨ ᠲᠠᠯᠠᠪᠠᠢ ᠶᠢᠨ ᠤᠨ ᠪᠦᠬᠦᠶᠢᠯᠡ | ᠲᠡᠷᠭᠡᠨ ᠥᠷᠲᠡᠭᠡ ᠶᠢᠨ ᠢᠵᠢ ᠪᠦᠷᠢᠳᠦᠭᠦᠯᠬᠦ ᠢᠨᠵᠧᠨᠧᠷᠢᠩ ᠢ ᠪᠡᠶᠡᠯᠡᠭᠦᠯᠦᠭᠰᠡᠨ ᠤ ᠳᠠᠷᠠᠭ᠎ᠠ᠂ ᠦᠬᠠᠶ ᠶᠢᠨ ᠵᠡᠭᠦᠨ | ᠥᠷᠲᠡᠭᠡ ᠶᠢᠨ ᠠᠶᠠᠨᠴᠢᠳ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠦᠬᠠᠶ ᠥᠷᠲᠡᠭᠡ ᠳᠤ ᠰᠢᠯᠵᠢᠭᠦᠯᠦᠨ᠎ᠡ᠃ | ᠣᠶᠢᠯᠠᠭᠠᠭᠰᠠᠨ ᠢᠶᠠᠷ᠂ ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠪᠣᠯ ᠮᠠᠨ ᠤ | ᠤᠯᠤᠰ ᠤᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠳᠡᠭᠡᠳᠤ ᠬᠤᠷᠳᠤ ᠶᠢᠨ ᠲᠡᠮᠦᠷ ᠵᠠᠮ ᠤᠨ ᠲᠣᠣᠷ ᠤᠨ | ᠪᠡᠭᠡᠵᠢᠩ ᠠᠴᠠ ᠯᠠᠨᠵᠧᠦ ᠬᠦᠷᠬᠦ ᠨᠡᠪᠲᠡᠷᠡᠬᠦ ᠵᠠᠮ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠵᠡᠭᠦᠨᠰᠢ ᠪᠠᠨ | ᠥᠪᠥᠷ ᠮᠣᠩᠭᠤᠯ ᠤᠨ ᠪᠤᠭᠤᠲᠤ ᠬᠤᠳᠠ ᠠᠴᠠ ᠡᠬᠢᠯᠡᠵᠦ᠂ ᠪᠠᠷᠠᠭᠤᠨᠰᠢ ᠪᠠᠨ ᠨᠢᠩᠰᠢᠶᠠ ᠶᠢᠨ ᠢᠷᠭᠠᠢ ᠬᠤᠳᠠ | ᠬᠦᠷᠦᠨ᠎ᠡ᠂ ᠡᠭᠦᠨ ᠳᠤ ᠥᠪᠥᠷ ᠮᠣᠩᠭᠤᠯ ᠤᠨ ᠬᠡᠰᠡᠭ ᠤᠨ ᠪᠦᠬᠦ ᠤᠷᠳᠤ ᠨᠢ 402 ᠺᠢᠯᠣᠮᠧᠲᠷ᠂ ᠵᠢᠷᠤᠵᠤ | ᠲᠥᠯᠥᠪᠯᠡᠭᠰᠡᠨ ᠬᠤᠷᠳᠤᠴᠠ ᠨᠢ ᠴᠠᠭ ᠪᠦᠷᠢ 250 ᠺᠢᠯᠣᠮᠧᠲᠷ ᠪᠠᠶᠢᠵᠤ᠂ ᠪᠠᠷᠠᠭᠤᠨ ᠬᠤᠶᠢᠲᠤ ᠣᠷᠣᠨ ᠤ ᠵᠡᠭᠦᠨ | ᠬᠤᠶᠢᠲᠤ ᠣᠷᠣᠨ᠂ ᠤᠮᠠᠷᠠᠲᠤ ᠣᠷᠣᠨ ᠢ ᠬᠤᠯᠪᠣᠭᠰᠠᠨ ᠵᠠᠮ ᠬᠠᠷᠢᠯᠴᠠᠭᠠᠨ ᠤ ᠶᠡᠭᠡ ᠯᠤᠭᠰᠢᠭᠤᠨ ᠰᠤᠳᠠᠯ ᠪᠠ ᠠᠵᠤ | ᠠᠬᠤᠢ ᠶᠢᠨ ᠶᠡᠭᠡ ᠵᠠᠮ ᠪᠣᠯᠤᠨ᠎ᠠ᠃ ᠲᠡᠷᠭᠡ ᠨᠡᠪᠲᠡᠷᠡᠭᠰᠡᠨ ᠤ ᠳᠠᠷᠠᠭ᠎ᠠ᠂ ᠪᠤᠭᠤᠲᠤ ᠠᠴᠠ ᠢᠷᠭᠠᠢ ᠬᠥᠷᠬᠦ ᠭᠠᠯᠲᠤ | ᠲᠡᠷᠭᠡᠨ ᠤ ᠠᠶᠠᠯᠠᠬᠤ ᠴᠠᠭ ᠶᠡᠭᠡ ᠪᠠᠷ ᠪᠣᠭᠤᠨᠢᠰᠴᠤ᠂ ᠭᠠᠨᠰᠦ᠂ ᠨᠢᠩᠰᠢᠶᠠ᠂ ᠬᠥᠬᠡᠨᠠᠭᠤᠷ ᠵᠡᠷᠭᠡ ᠪᠠᠷᠠᠭᠤᠨ ᠬᠤᠶᠢᠲᠤ | ᠶᠢᠨ ᠮᠤᠵᠢ ᠥᠪᠡᠷᠲᠡᠭᠡᠨ ᠵᠠᠰᠠᠬᠤ ᠣᠷᠣᠨ ᠤ ᠪᠡᠭᠡᠵᠢᠩ ᠳᠤ ᠣᠷᠣᠬᠤ ᠬᠠᠮᠤᠭ ᠤᠨ ᠲᠦᠷᠭᠡᠨ ᠵᠠᠮ ᠪᠣᠯᠵᠣ᠂ ᠥᠪᠥᠷ | ᠮᠣᠩᠭᠤᠯ᠂ ᠨᠢᠩᠰᠢᠶᠠ᠂ ᠭᠠᠨᠰᠦ ᠵᠡᠷᠭᠡ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠪᠣᠯᠵᠠᠶ᠃ |