ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠢᠷᠠᠭᠤ ᠠᠯᠳᠠᠷᠲᠠᠢ ᠪᠠᠷ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/14
    1 ᠳ᠋ᠦ᠋ᠭᠡᠷ ᠰᠠᠷ᠎ᠠ ᠶᠢᠨ 10᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠢᠷᠠᠭᠤ ᠠᠯᠳᠠᠷᠲᠠᠢ ᠪᠠᠷ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠬᠤᠷᠠᠯ ᠳᠤ ᠣᠷᠣᠯᠴᠠᠵᠤ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠪᠠᠶᠠᠷ ᠤᠨ ᠡᠳᠦᠷ ᠤᠨ ᠲᠣᠬᠤᠨᠢᠭᠤᠯᠤᠯ ᠬᠦᠷᠭᠡᠵᠦ᠂ 2024 ᠣᠨ ᠤ ᠪᠥᠬᠦ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠶᠢᠳᠠᠯ᠂ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠪᠣᠯᠤᠨ 2025 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠮᠡᠳᠡᠭᠳᠡᠪᠡ᠃
20250114-1.jpg
    ᠭᠤᠤ ᠱᠢ ᠴᠢᠨ᠂ ᠠᠬᠠᠮᠠᠳ ᠨᠥᠬᠦᠳ ᠤᠨ ᠥᠩᠭᠡᠷᠡᠭᠰᠡᠨ ᠲᠠᠢ ᠪᠠᠨ ᠠᠳᠠᠯᠢ ᠪᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠬᠠᠯᠠᠮᠵᠢᠯᠠᠵᠤ᠂ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠤᠯᠠᠨ ᠢᠶᠠᠷ ᠢᠶᠠᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠦᠷᠭᠦᠯᠵᠢᠯᠡᠨ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠲᠤ ᠠᠷᠭ᠎ᠠ ᠤᠬᠠᠭᠠᠨ ᠭᠠᠷᠭᠠᠵᠤ᠂ ᠬᠦᠴᠦᠨ ᠨᠡᠮᠡᠷᠢᠯᠡᠵᠦ᠂ ᠮᠠᠭᠲᠠᠨ ᠰᠠᠶᠢᠰᠢᠶᠠᠵᠤ᠂ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠢ ᠪᠤᠢ ᠪᠣᠯᠭᠠᠬᠤ ᠶᠢ ᠬᠦᠰᠡᠵᠦ ᠪᠠᠶᠢᠨ᠎ᠠ᠃ ᠲᠢᠩᠬᠢᠮ ᠤᠨ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠵᠢᠯ ᠤᠨ ᠭᠠᠵᠠᠷ ᠤᠨ ᠬᠢᠨ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢᠶᠠᠨ ᠬᠠᠯᠠᠮᠵᠢᠯᠠᠨ ᠬᠠᠶᠢᠷᠠᠯᠠᠵᠤ᠂ ᠦᠶᠯᠡᠴᠢᠯᠡᠭᠡ ᠪᠠᠲᠤᠯᠠᠭ᠎ᠠ ᠶᠢᠨ ᠠᠵᠢᠯ ᠢ ᠨᠠᠷᠢᠯᠢᠭ ᠣᠨᠣᠪᠴᠢᠲᠠᠶ ᠪᠠᠷ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠤ ᠵᠢᠢ ᠶᠧ᠂ ᠵᠠᠩ ᠯᠢ᠂ ᠡᠷᠳᠡᠨᠢᠰᠠᠩ ᠵᠡᠷᠭᠡ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠤᠳᠤᠷᠢᠳᠬᠤ ᠺᠠᠳ᠋ᠷ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠤ᠂ 2024 ᠣᠨ ᠤ ᠪᠦᠬᠦ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠳᠤ ᠲᠤᠶᠢᠯ ᠢᠶᠠᠷ ᠪᠠᠶᠠᠷᠯᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠠᠴᠠ ᠪᠠᠨ ᠳᠠᠷᠬᠠᠯᠠᠭᠳᠠᠵᠤ ᠠᠵᠢᠯ ᠎ ᠠᠴᠠ ᠪᠠᠨ ᠠᠮᠠᠷᠠᠭᠰᠠᠨ ᠺᠠᠳ᠋ᠷᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠬᠤᠶᠢᠰᠢᠳᠠ ᠶᠢᠨ ᠵᠠᠮ ᠬᠠᠷᠢᠯᠴᠠᠭᠠᠨ ᠤ ᠦᠢᠯᠡᠰ ᠲᠤ ᠢᠲᠡᠭᠡᠯ ᠪᠠ ᠬᠦᠰᠡᠯ ᠡᠷᠡᠮᠡᠯᠵᠡᠯ ᠳᠦᠭᠦᠷᠡᠩ ᠪᠠᠶᠢᠨ᠎ᠠ ᠭᠡᠪᠡ᠃     ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ           ᠵᠠᠩ ᡁᠢ ᠴᠢᠤᠸᠠᠨ ᠶᠠᠷᠢᠯᠴᠠᠬᠤ ᠬᠤᠷᠠᠯ ᠢ ᠡᠷᠭᠢᠯᠡᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠷᠦᠩ ᠶᠣᠣ ᠬᠤᠷᠠᠯ ᠳᠤ ᠣᠷᠣᠯᠴᠠᠪᠠ᠃ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠶᠡᠷᠦᠩᠬᠡᠶ ᠡᠭᠦᠷ ᠪᠣᠯᠤᠨ ᠬᠠᠷᠢᠶ᠎ᠠ ᠡᠯ᠎ᠡ ᠨᠠᠮ ᠤᠨ ᠡᠭᠦᠷ ᠤᠨ ᠱᠦᠵᠢ᠂ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠬᠡᠰᠡᠭ ᠺᠠᠳ᠋ᠷᠴᠤᠳ ᠤᠨ ᠲᠥᠯᠥᠭᠡᠯᠡᠭᠴᠢ ᠂ ᠲᠢᠩᠬᠢᠮ ᠤᠨ ᠪᠠᠶᠢᠭᠤᠯᠭ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠎ ᠳᠤ ᠣᠷᠣᠯᠴᠠᠵᠠᠶ᠃     ᠡᠨᠡ ᠬᠤᠭᠤᠴᠠᠭᠠᠨ ᠳᠤ᠂ ᠲᠢᠩᠬᠢᠮ ᠤᠨ ᠤᠳᠤᠷᠢᠳᠤᠯᠭ᠎ᠠ 2024 ᠣᠨ ᠳᠤ ᠢᠷᠠᠭᠤ ᠠᠯᠳᠠᠷᠲᠠᠶ ᠪᠠᠷ ᠠᠵᠢᠯ ᠎ ᠠᠴᠠ ᠪᠠᠨ ᠠᠮᠠᠷᠠᠭᠰᠠᠨ ᠺᠠᠳ᠋ᠷ ᠤᠨ ᠲᠥᠯᠥᠭᠡᠯᠡᠭᠴᠢ ᠳᠤ ᠳᠤᠷᠠᠰᠬᠠᠯ ᠤᠨ ᠲᠡᠮᠳᠡᠭ ᠣᠯᠭᠤᠪᠠ᠃          ᠡᠬᠡ ᠪᠢᠴᠢᠭ᠄ ᠲᠢᠩᠬᠢᠮ ᠤᠨ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠵᠢᠯ ᠤᠨ ᠭᠠᠵᠠᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号