2025 ᠣᠨ ᠤ ᠴᠠᠭᠠᠨ ᠰᠠᠷ᠎ᠠ ᠶᠢᠨ ᠵᠥᠭᠡᠭᠡᠪᠦᠷᠢ  — ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠩᠬᠠᠳᠤᠭᠠᠷ ᠡᠳᠦᠷ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ 244.84 ᠲᠦᠮᠡᠨ ᠬᠥᠮᠦᠨ ᠤᠳᠠᠭ᠎ᠠ ᠳᠤ ᠬᠦᠷᠪᠡ
ᠨᠡᠶᠢᠲᠡᠯᠡᠭᠰᠡᠨ ᠴᠠᠭ᠄
2025/1/16
    2025 ᠣᠨ ᠤ 1 ᠳ᠋ᠦ᠋ᠭᠡᠷ ᠰᠠᠷ᠎ᠠ ᠶᠢᠨ 14᠎ ᠤ ᠡᠳᠦᠷ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠨᠢᠭᠡᠳᠦᠭᠡᠷ ᠡᠳᠦᠷ ᠲᠤ᠂ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ 244.84 ᠲᠦᠮᠡᠨ ᠬᠥᠮᠦᠨ ᠤᠳᠠᠭ᠎ᠠ ᠳᠤ ᠬᠦᠷᠴᠦ᠂ 2024 ᠣᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 11.28%᠎ ᠪᠠᠷ ᠪᠠᠭᠤᠷᠠᠪᠠ᠃     ᠪᠥᠬᠦ ᠣᠷᠣᠨ ᠤ ᠡᠵᠡᠩᠨᠡᠯᠲᠡ ᠶᠢᠨ ᠴᠢᠨᠠᠷᠲᠠᠶ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 27.07 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.05%᠎ ᠪᠠᠷ ᠪᠠᠭᠤᠷᠠᠪᠠ᠃ ᠡᠭᠦᠨ ᠳᠤ᠂ ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 4.65 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.02%᠎ ᠢᠶᠠᠷ ᠨᠡᠮᠡᠭᠳᠡᠪᠡ︔ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 15.52 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠎ ᠠᠴᠠ 12.13%᠎ ᠪᠠᠷ ᠪᠠᠭᠤᠷᠠᠪᠠ︔ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠎ ᠶᠢᠨ ᠬᠡᠮᠵᠢᠶ᠎ᠡ 6.89 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.60% ᠎ ᠪᠠᠷ ᠪᠠᠭᠤᠷᠠᠪᠠ᠃      ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠶᠡᠷᠦᠩᠬᠡᠶ ᠴᠤᠪᠤᠷᠠᠯ ᠤᠨ ᠬᠡᠮᠵᠢᠶ᠎ᠡ 29.01 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.87%᠎ ᠪᠠᠷ ᠨᠡᠮᠡᠭᠳᠡᠪᠡ᠃ ᠡᠭᠦᠨ ᠳᠤ᠂ ᠠᠶᠠᠨᠴᠢᠳ ᠎ ᠤᠨ ᠮᠠᠰᠢᠨ ᠲᠡᠷᠭᠡᠨ ᠤ ᠴᠤᠪᠤᠷᠠᠯ ᠤᠨ ᠬᠡᠮᠵᠢᠶ᠎ᠡ ᠪᠠᠷᠤᠭ 18.30 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 0.62%᠎ ᠢᠶᠠᠷ ᠪᠠᠭᠤᠷᠠᠵᠤ᠂ ᠪᠠᠷᠠᠭᠠᠨ ᠤ ᠮᠠᠰᠢᠨ ᠲᠡᠷᠭᠡᠨ ᠤ ᠴᠤᠪᠤᠷᠠᠯ ᠤᠨ ᠬᠡᠮᠵᠢᠶ᠎ᠡ ᠪᠠᠷᠤᠭ 10.71 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.51%᠎ ᠪᠠᠷ ᠨᠡᠮᠡᠭᠳᠡᠪᠡ᠃ ᠡᠩ ᠤᠨ ᠤᠯᠤᠰ ᠮᠤᠵᠢ ᠎ ᠶᠢᠨ ᠵᠠᠮ ᠤᠨ ᠣᠭᠲᠣᠯᠤᠭᠠᠰᠤ ᠳᠠᠬᠢ ᠵᠠᠮ ᠬᠠᠷᠢᠯᠴᠠᠭᠠᠨ ᠤ ᠳᠤᠮᠳᠠᠴᠢ ᠬᠡᠮᠵᠢᠶ᠎ᠡ 3656 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.31%᠎ ᠪᠠᠷ ᠪᠠᠭᠤᠷᠠᠪᠠ᠃ ᠡᠭᠦᠨ ᠳᠤ᠂ ᠠᠶᠠᠨᠴᠢᠳ ᠤᠨ ᠮᠠᠰᠢᠨ ᠲᠡᠷᠭᠡᠨ ᠤ ᠴᠤᠪᠤᠷᠠᠯ ᠤᠨ ᠬᠡᠮᠵᠢᠶ᠎ᠡ ᠪᠠᠷᠤᠭ 2220 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.98%᠎ ᠪᠠᠷ ᠪᠠᠭᠤᠷᠠᠪᠠ︔ ᠪᠠᠷᠠᠭᠠᠨ ᠤ ᠮᠠᠰᠢᠨ ᠲᠡᠷᠭᠡᠨ ᠤ ᠴᠤᠪᠤᠷᠠᠯ ᠤᠨ ᠬᠡᠮᠵᠢᠶ᠎ᠡ 1436 ᠪᠠᠶᠢᠵᠤ᠂ ᠠᠳᠠᠯᠢ ᠬᠤᠭᠤᠴᠠᠭᠠᠨ ᠤ ᠎ ᠬᠢ ᠠᠴᠠ 5.48%᠎ ᠪᠠᠷ ᠪᠠᠭᠤᠷᠠᠪᠠ᠃      1 ᠳ᠋ᠦ᠋ᠭᠡᠷ ᠰᠠᠷ᠎ᠠ ᠶᠢᠨ 15᠎ ᠤ ᠡᠳᠦᠷ ᠤᠨ 17 ᠴᠠᠭ ᠪᠣᠯᠲᠠᠯ᠎ᠠ᠂ ᠴᠠᠰᠤ ᠣᠷᠣᠭᠰᠠᠨ ᠨᠥᠯᠥᠭᠡ ᠠᠴᠠ ᠪᠣᠯᠵᠤ᠂ ᠪᠥᠬᠦ ᠣᠷᠣᠨ ᠤ 4 ᠵᠤᠷᠪᠤᠰ ᠳᠡᠭᠡᠳᠦ ᠬᠤᠷᠳᠤ ᠶᠢᠨ ᠵᠠᠰᠠᠮᠠᠯ ᠵᠠᠮ ᠢ 530.96 ᠺᠢᠯᠣᠮᠧᠲᠷ᠂ 1 ᠵᠤᠷᠪᠤᠰ ᠤᠯᠤᠰ ᠮᠤᠵᠢ ᠶᠢᠨ ᠭᠤᠤᠯ ᠱᠤᠭᠤᠮ ᠢ 36 ᠺᠢᠯᠣᠮᠧᠲᠷ ᠪᠢᠲᠡᠭᠦᠮᠵᠢᠯᠡᠪᠡ︔ ᠠᠷᠠᠴᠢᠯᠠᠨ ᠬᠠᠮᠠᠭᠠᠯᠠᠬᠤ  ᠪᠠᠷᠢᠯᠭ᠎ᠠ ᠎ ᠠᠴᠠ ᠪᠣᠯᠵᠤ᠂ ᠡᠩ ᠤᠨ ᠤᠯᠤᠰ ᠮᠤᠵᠢ ᠶᠢᠨ ᠭᠤᠣᠯ ᠱᠤᠭᠤᠮ ᠢ 7 ᠵᠤᠷᠪᠤᠰ ᠪᠢᠲᠡᠭᠦᠮᠵᠢᠯᠡᠵᠦ᠂ ᠡᠭᠦᠨ ᠳᠤ ᠬᠥᠭᠦᠷᠭᠡ 2᠂ ᠵᠠᠮ ᠤᠨ ᠬᠡᠰᠡᠭ 138.14 ᠺᠢᠯᠣᠮᠧᠲᠷ ᠪᠠᠶᠢᠳᠠᠭ᠃     ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠎ ᠳᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠣᠶ᠃ ᠨᠢᠭᠡ ᠳᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ 7 ᠰᠠᠯᠠᠭ᠎ᠠ ᠮᠥᠴᠢᠷ ᠲᠠᠢ ᠬᠠᠮᠲᠤᠷᠠᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠎ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠦᠯᠭᠦᠢ ᠦᠶᠯᠡᠳᠪᠦᠷᠢᠯᠡᠯ᠂ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ᠂ ᠥᠪᠡᠰᠦᠪᠡᠨ ᠲᠡᠷᠭᠡ ᠵᠢᠯᠣᠭᠤᠳᠴᠤ ᠶᠠᠪᠤᠵᠤ ᠰᠠᠭᠤᠬᠤ ᠦᠶᠯᠡᠴᠢᠯᠡᠭᠡ᠂ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠶᠡᠷᠦᠩᠬᠡᠶᠢᠯᠡᠭᠰᠡᠨ ᠲᠡᠭᠡᠭᠡᠪᠦᠷᠢ ᠎ ᠶᠢᠨ ᠴᠠᠭᠠᠨ ᠰᠠᠷ᠎ᠠ ᠶᠢᠨ ᠲᠡᠭᠡᠭᠡᠪᠦᠷᠢ ᠶᠢᠨ ᠠᠶᠦᠯᠭᠦᠢ ᠦᠶᠯᠡᠳᠪᠦᠷᠢᠯᠡᠯ ᠪᠠ ᠦᠶᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠤᠶᠠᠷ ᠲᠤ᠂ ᠲᠢᠩᠬᠢᠮ ᠤᠨ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠶᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠭᠤᠯᠬᠤ ᠳᠤᠭᠤᠶᠢᠯᠠᠩ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ᠂ ᠵᠠᠰᠠᠮᠠᠯ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠳᠤᠭᠤᠶᠢᠯᠠᠩ ᠪᠠ ᠤᠬᠠᠭᠤᠯᠬᠤ ᠮᠡᠳᠡᠭᠡ ᠵᠠᠩᠭᠢ ᠶᠢᠨ ᠳᠤᠭᠤᠶᠢᠯᠠᠩ ᠢ ᠪᠠᠶᠢᠭᠤᠯᠤᠨ᠂ ᠬᠠᠮᠲᠤ ᠪᠠᠷ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ︽ᠠᠮᠤᠷ ᠲᠦᠪᠰᠢᠨ ᠴᠠᠭᠠᠨ ᠰᠠᠷ᠎ᠠ ᠶᠢᠨ ᠵᠥᠭᠡᠭᠡᠪᠦᠷᠢ᠂ ᠲᠥᠬᠦᠮ ᠳᠦᠳᠡ ᠴᠠᠭᠠᠨ ᠰᠠᠷ᠎ᠠ ᠶᠢᠨ ᠵᠥᠭᠡᠭᠡᠪᠦᠷᠢ᠂ ᠬᠠᠯᠠᠭᠤᠨ ᠳᠤᠯᠠᠭᠠᠨ ᠴᠠᠭᠠᠨ ᠰᠠᠷ᠎ᠠ ᠶᠢᠨ ᠵᠥᠭᠡᠭᠡᠪᠦᠷᠢ︾᠎ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠠᠶᠦᠯᠭᠦᠢ ᠦᠶᠯᠡᠳᠪᠦᠷᠢᠯᠡᠯ ᠤᠨ ᠪᠠᠶᠢᠴᠠᠭᠠᠯᠲᠠ ᠶᠢ ᠴᠢᠩᠭᠠᠳᠬᠠᠵᠤ᠂ ᠲᠢᠩᠬᠢᠮ ᠤᠨ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ 5 ᠪᠠᠶᠢᠴᠠᠭᠠᠬᠤ ᠳᠤᠭᠤᠶᠢᠯᠠᠩ ᠢ ᠪᠦᠷᠢᠯᠳᠦᠭᠦᠯᠵᠦ᠂ 12 ᠠᠶᠢᠮᠠᠭ ᠬᠤᠲᠠ ᠳᠤ ᠬᠦᠷᠴᠦ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠶᠦᠯᠭᠦᠢ ᠦᠶᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠦᠨ᠎ᠡ᠃ ᠳᠥᠷᠪᠡ ᠳᠤ᠂ ᠠᠵᠤ ᠠᠬᠤᠶᠢᠯᠠᠯ ᠢ ᠵᠢᠯᠣᠭᠤᠳᠤᠨ ᠲᠡᠭᠡᠭᠡᠪᠦᠷᠢ ᠶᠢᠨ ᠬᠦᠴᠦᠨ ᠤ ᠨᠥᠭᠡᠴᠡ ᠶᠢ ᠴᠢᠩᠭᠠᠳᠬᠠᠵᠤ᠂ ᠪᠥᠬᠦ ᠣᠷᠣᠨ ᠤ ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠨᠡᠶᠢᠲᠡ 1 ᠲᠦᠮᠡᠨ ᠡᠵᠡᠩᠨᠡᠯᠲᠡ ᠶᠢᠨ ᠠᠶᠠᠨᠴᠢᠳ ᠤᠨ ᠲᠡᠷᠭᠡ ᠶᠢ ᠨᠥᠭᠡᠴᠡᠯᠡᠵᠦ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠴᠠᠭᠠᠨ ᠰᠠᠷ᠎ᠠ ᠶᠢᠨ ᠵᠥᠭᠡᠭᠡᠪᠦᠷᠢ ᠶᠢᠨ ᠣᠷᠭᠢᠯ ᠤᠨ ᠬᠤᠭᠤᠴᠠᠭᠠᠨ ᠳᠤ 31 ᠬᠤᠤᠰ ᠨᠡᠮᠡᠵᠦ᠂ ᠨᠡᠶᠢᠲᠡ 163.5 ᠬᠤᠤᠰ ᠨᠡᠮᠡᠵᠦ ᠪᠣᠯᠣᠨ᠎ᠠ᠂ ᠪᠥᠬᠦ ᠣᠷᠣᠨ ᠤ ᠠᠷᠠᠳ ᠤᠨ ᠠᠭᠠᠷ ᠤᠨ ᠲᠡᠭᠡᠭᠡᠪᠦᠷᠢ ᠎ ᠶᠢᠨ ᠪᠦᠬᠦ ᠵᠢᠱᠢᠯᠲᠡ ᠪᠠᠷ ᠠᠶᠠᠨᠴᠢᠳ ᠢ 305 ᠲᠦᠮᠡᠨ ᠬᠥᠮᠦᠨ ᠤᠳᠠᠭ᠎ᠠ ᠬᠦᠷᠭᠡᠬᠦ ᠪᠣᠯᠤᠨ᠎ᠠ᠃ ᠲᠠᠪᠤ ᠳᠤ᠂ ᠵᠠᠮ ᠎ ᠤᠨ ᠲᠣᠣᠷ ᠤᠨ ᠠᠵᠢᠯᠯᠠᠭᠠᠨ ᠤ ᠪᠠᠶᠢᠳᠠᠯ ᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠦᠯᠬᠦ ᠶᠢ ᠴᠢᠩᠭᠠᠳᠬᠠᠵᠤ᠂ ᠴᠠᠰᠤ ᠣᠷᠣᠬᠤ᠂ ᠶᠡᠭᠡ ᠰᠠᠯᠬᠢ ᠬᠥᠳᠡᠯᠬᠦ ᠵᠡᠷᠭᠡ  ᠣᠨᠴᠠᠭᠠᠢ ᠴᠠᠭ ᠠᠭᠤᠷ ᠪᠠ ᠵᠠᠮ ᠎ ᠤᠨ ᠲᠣᠣᠷ ᠤᠨ ᠠᠵᠢᠯᠯᠠᠭᠠᠨ ᠤ ᠪᠠᠶᠢᠳᠠᠯ ᠢ ᠤᠷᠢᠳᠴᠢᠯᠠᠨ ᠵᠢᠱᠢᠵᠦ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠦᠨ᠎ᠡ᠃ ᠵᠢᠷᠭᠤᠭ᠎ᠠ ᠳᠤ᠂ ᠵᠢᠵᠢᠭᠦᠷᠯᠡᠨ ᠰᠠᠬᠢᠬᠤ ᠶᠢ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠡᠭᠡᠯᠵᠢᠯᠡᠨ ᠠᠵᠢᠯ ᠤᠨ ᠪᠠᠶᠢᠷᠢ ᠳᠤ ᠵᠢᠵᠢᠭᠦᠷᠯᠡᠨ᠎ᠡ︔ 12328 ᠬᠠᠯᠠᠮᠰᠢᠯ ᠤᠲᠠᠰᠤᠨ ᠤ ᠠᠵᠢᠯᠲᠠᠳ ᠪᠦᠭᠦᠳᠡᠭᠡᠷ ᠠᠵᠢᠯ ᠤᠨ ᠪᠠᠶᠢᠷᠢ ᠳᠤ ᠪᠠᠨ ᠪᠠᠶᠢᠵᠤ᠂ ︽7×24 ᠴᠠᠭ︾᠎ ᠤᠨ ᠪᠦᠬᠦᠯᠢ ᠡᠳᠦᠷ ᠤᠨ ᠦᠶᠯᠡᠴᠢᠯᠡᠭᠡ ᠶᠢ ᠪᠠᠷᠢᠮᠲᠠᠯᠠᠨ᠎ᠠ︔ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠᠨ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠥᠭᠭᠦᠨ᠎ᠡ᠃             ᠡᠬᠡ ᠪᠢᠴᠢᠭ᠄ ᠶᠡᠷᠦᠩᠬᠡᠶᠢᠯᠡᠭᠰᠡᠨ ᠲᠡᠭᠡᠭᠡᠪᠦᠷᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠲᠤᠰᠬᠠᠶ ᠠᠩᠭᠢ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号