2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠥᠬᠦ ᠨᠡᠶᠢᠭᠡᠮ ᠤᠨ ᠬᠥᠮᠦᠰ ᠤᠨ ᠰᠢᠯᠵᠢᠯᠲᠡ ᠶᠢᠨ ᠬᠡᠮᠵᠢᠶ᠎ᠡ ᠵᠢᠱᠢᠯᠲᠡ ᠪᠠᠷ 1.36 | ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ 2024 ᠣᠨ ᠤ ᠠᠳᠠᠯᠢ ᠬᠤᠭᠤᠴᠠᠭᠠᠨ ᠤ ᠬᠢ ᠠᠴᠠ | 10.6% ᠪᠠᠷ ᠨᠡᠮᠡᠭᠳᠡᠪᠡ᠃ | ᠴᠠᠭᠠᠨ ᠰᠠᠷ᠎ᠠ ᠶᠢᠨ ᠵᠥᠭᠡᠭᠡᠪᠦᠷᠢ ᠵᠢᠴᠢ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠠᠮᠤᠷ | ᠠᠮᠤᠭᠤᠯᠠᠩ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠮ ᠲᠡᠭᠡᠭᠡᠪᠦᠷᠢ᠂ ᠬᠤᠲᠠ ᠶᠢᠨ | ᠠᠶᠠᠨᠴᠢᠳ ᠤᠨ ᠵᠥᠭᠡᠭᠡᠪᠦᠷᠢ᠂ ᠵᠠᠰᠠᠮᠠᠯ ᠵᠠᠮ ᠤᠨ ᠡᠵᠡᠩᠨᠡᠯᠲᠡ᠂ ᠲᠦᠢᠯ ᠤᠨ ᠮᠠᠭᠤ ᠴᠠᠭ ᠠᠭᠤᠷ ᠢ ᠰᠡᠷᠭᠡᠶᠢᠯᠡᠬᠦ᠂ | ᠠᠮᠤᠷ ᠲᠦᠪᠰᠢᠨ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠭᠤᠤᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠳᠠᠶᠢᠴᠢᠯᠠᠨ ᠪᠠᠶᠢᠷᠢᠯᠠᠭᠤᠯᠬᠤ ᠪᠣᠯᠪᠠᠰᠤᠷᠠᠭᠤᠯᠤᠯ᠂ ᠥᠪᠡᠰᠦᠪᠡᠨ ᠪᠠᠶᠢᠴᠠᠭᠠᠵᠤ | ᠵᠢᠭᠰᠠᠭᠠᠨ ᠪᠠᠶᠢᠴᠠᠭᠠᠬᠤ᠂ ᠰᠤᠭᠤᠴᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠵᠡᠷᠭᠡ ᠭᠤᠷᠪᠠᠨ ᠱᠠᠲᠤ ᠦᠶ᠎ᠡ | ᠶᠣᠰᠣᠭᠠᠷ᠂ ᠳᠠᠷᠤᠯᠲᠠ ᠥᠭᠴᠦ ᠵᠠᠮ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠶᠤᠯ | ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠦᠴᠦᠯᠡᠨ ᠥᠷᠨᠢᠭᠦᠯᠪᠡ᠃ | | ᠣᠳᠣᠬᠠᠨ ᠳᠤ᠂ ᠥᠪᠥᠷ ᠮᠣᠩᠭᠤᠯ ᠨᠢᠭᠡᠨᠲᠡ ᠲᠢᠩᠬᠢᠮ ᠤᠨ ᠲᠣᠰ ᠱᠠᠲᠤ ᠪᠠ 12 ᠠᠶᠢᠮᠠᠭ ᠬᠤᠲᠠ᠂ 103 | ᠬᠤᠰᠢᠭᠤ ᠰᠢᠶᠠᠨ ︵ᠬᠤᠲᠠ᠂ ᠲᠣᠭᠤᠷᠢᠭ︶ ᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠵᠦ᠂ ᠠᠵᠢᠯ | ᠲᠥᠷᠥᠯ ᠤᠨ ᠭᠤᠤᠯᠳᠠᠯᠭ᠎ᠠ ᠲᠠᠢ ᠬᠦᠷᠢᠶᠡᠨ ᠳᠠᠬᠢ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠦᠭᠯᠡᠭᠦᠷ ᠵᠢᠴᠢ | ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ | ᠰᠢᠰᠲ᠋ᠧᠮ ᠤᠨ ᠠᠵᠢᠯᠯᠠᠭᠠᠨ ᠤ ᠭᠠᠷ ᠳᠡᠪᠲᠡᠷ ᠲᠤ ᠲᠤᠰᠬᠠᠶ ᠰᠡᠳᠦᠪᠲᠦ ᠪᠣᠯᠪᠠᠰᠤᠷᠠᠭᠤᠯᠤᠯ ᠵᠢᠯᠣᠭᠤᠳᠣᠯᠭ᠎ᠠ ᠬᠢᠵᠦ᠂ | ᠠᠵᠤ ᠠᠬᠤᠶᠢᠯᠠᠯ ᠪᠠ ᠰᠢᠭᠤᠳ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠥᠪᠡᠰᠦᠪᠡᠨ ᠪᠠᠶᠢᠴᠠᠭᠠᠵᠤ ᠵᠢᠭᠰᠠᠭᠠᠨ | ᠪᠠᠶᠢᠴᠠᠭᠠᠬᠤ ᠠᠵᠢᠯ ᠢ ᠶᠠᠭ ᠭᠦᠨᠵᠡᠭᠡᠶ ᠥᠷᠨᠢᠭᠦᠯᠵᠦ᠂ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠰᠠᠯᠠᠭ᠎ᠠ ᠮᠥᠴᠢᠷ ᠤᠳ ᠶᠠᠭ 30% ᠠᠴᠠ ᠳᠣᠤᠷ᠎ᠠ ᠥᠬᠡᠶ ᠬᠠᠷᠢᠴᠠᠯ ᠢᠶᠠᠷ ᠰᠤᠭᠤᠴᠢᠨ ᠪᠠᠶᠢᠴᠠᠭᠠᠯᠲᠠ | ᠥᠷᠨᠢᠭᠦᠯᠵᠦ ᠪᠠᠶᠢᠨ᠎ᠠ᠃ | 1 ᠳ᠋ᠦ᠋ᠭᠡᠷ ᠰᠠᠷ᠎ᠠ ᠶᠢᠨ 16 ᠤ ᠡᠳᠦᠷ ᠪᠣᠯᠲᠠᠯ᠎ᠠ᠂ ᠪᠥᠬᠦ ᠣᠷᠣᠨ ᠤ 2262 ᠠᠵᠤ ᠠᠬᠤᠶᠢᠯᠠᠯ᠂ ᠲᠥᠷᠥᠯ | ᠵᠦᠢᠯ ᠨᠢ ᠨᠡᠶᠢᠲᠡ 5837 ᠤᠳᠠᠭ᠎ᠠ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠵᠦ᠂ 2451 ᠳᠠᠯᠳᠠ ᠬᠡᠮ ᠢ | ᠢᠯᠡᠷᠡᠭᠦᠯᠪᠡ︔ ᠰᠢᠭᠤᠳ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ 2019 ᠤᠳᠠᠭ᠎ᠠ ᠵᠢᠭᠰᠠᠭᠠᠨ ᠪᠠᠶᠢᠴᠠᠭᠠᠵᠤ᠂ | 1108 ᠳᠠᠯᠳᠠ ᠬᠡᠮ ᠢ ᠢᠯᠡᠷᠡᠭᠦᠯᠦᠭᠰᠡᠨ ᠪᠠᠶᠢᠨ᠎ᠠ᠃ ᠥᠪᠡᠰᠦᠪᠡᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠳᠤ | ᠨᠡᠶᠢᠲᠡ 3559 ᠳᠠᠯᠳᠠ ᠭᠡᠮ ᠢ ᠢᠯᠡᠷᠡᠭᠦᠯᠵᠦ᠂ 3221 ᠬᠡᠷᠡᠭ ᠢ ᠨᠢᠭᠡᠨᠲᠡ ᠴᠡᠭᠴᠡᠯᠡᠨ ᠰᠠᠶᠢᠵᠢᠷᠠᠭᠤᠯᠪᠠ᠃ | ᠡᠭᠦᠨ ᠳᠤ᠂ ᠬᠦᠨᠳᠦ ᠶᠡᠭᠡ ᠳᠠᠯᠳᠠ ᠬᠡᠮ 16 ᠪᠠᠶᠢᠵᠤ᠂ ᠨᠢᠭᠡᠨᠲᠡ 4 ᠶᠢ ᠨᠢ ᠴᠡᠭᠴᠡᠯᠡᠨ ᠰᠠᠶᠢᠵᠢᠷᠠᠭᠤᠯᠪᠠ᠃ | ᠣᠳᠣᠬᠠᠨ ᠳᠤ᠂ ᠲᠢᠩᠬᠢᠮ ᠤᠨ ᠤᠳᠤᠷᠢᠳᠤᠯᠭ᠎ᠠ ᠠᠴᠠ ᠪᠦᠯᠬᠦᠮ ᠳᠠᠭᠠᠭᠤᠯᠤᠭᠰᠠᠨ 5 ᠲᠣᠭᠤᠷᠢᠨ ᠪᠠᠶᠢᠴᠠᠭᠠᠬᠤ | ᠵᠢᠴᠢ ᠪᠠᠲᠤᠯᠠᠭ᠎ᠠ ᠶᠢ ᠳᠠᠭᠠᠭᠠᠴᠢᠯᠠᠵᠤ ᠵᠢᠯᠣᠭᠤᠳᠬᠤ ᠳᠤᠭᠤᠶᠢᠯᠠᠩ ᠪᠥᠬᠦ ᠣᠷᠣᠨ ᠤ 12 ᠠᠶᠢᠮᠠᠭ ᠬᠤᠲᠠ᠂ | ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠳᠤ ᠪᠦᠬᠦᠨ ᠢ ᠬᠠᠮᠤᠷᠤᠭᠤᠯᠬᠤ ᠲᠣᠭᠤᠷᠢᠨ ᠪᠠᠶᠢᠴᠠᠭᠠᠵᠤ | ᠱᠠᠯᠠᠪᠳᠠᠭᠤᠯᠤᠨ ᠵᠢᠯᠣᠭᠤᠳᠬᠤ ᠠᠵᠢᠯ ᠥᠷᠨᠢᠭᠦᠯᠵᠦ ᠪᠠᠶᠢᠨ᠎ᠠ᠃ ᠥᠪᠡᠰᠦᠪᠡᠨ ᠪᠠᠶᠢᠴᠠᠭᠠᠬᠤ᠂ ᠵᠢᠭᠰᠠᠭᠠᠨ | ᠪᠠᠶᠢᠴᠠᠭᠠᠬᠤ᠂ ᠰᠤᠭᠤᠴᠢᠨ ᠪᠠᠶᠢᠴᠠᠭᠠᠬᠤ ᠶᠢ ᠪᠣᠳᠠᠲᠠᠶᠢᠵᠢᠭᠤᠯᠤᠭᠰᠠᠨ ᠥᠬᠡᠶ ᠪᠠᠶᠢᠪᠠᠯ᠂ ᠫᠠᠶᠢᠰᠠ ᠡᠯᠭᠦᠨ | ᠰᠢᠮᠳᠠᠭᠤᠯᠤᠨ ᠭᠦᠢᠴᠡᠳᠬᠡᠬᠦ᠂ ᠪᠣᠯᠵᠣᠨ ᠶᠠᠷᠢᠯᠴᠠᠵᠤ ᠢᠯᠡᠴᠢᠯᠡᠬᠦ᠂ ᠰᠡᠷᠡᠮᠵᠢᠯᠡᠭᠦᠯᠦᠨ ᠮᠡᠳᠡᠭᠡᠯᠡᠬᠦ᠂ ᠵᠢᠯᠣᠭᠤᠳᠤᠨ | ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ | | ᠡᠬᠡ ᠪᠢᠴᠢᠭ᠄ ᠲᠢᠩᠬᠢᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ |