ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠡᠷᠡᠭ ᠢᠶᠠᠷ ᠲᠣᠯᠢ ᠪᠣᠯᠭᠠᠵᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢ ᠶᠢᠨ ᠬᠥᠮᠦᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/1/20
    ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠢᠭᠤᠳ ᠬᠠᠷᠢᠶ᠎ᠠ ᠰᠢᠰᠲ᠋ᠧᠮ ᠤᠨ 100 ᠭᠠᠷᠤᠶ ᠵᠠᠯᠠᠭᠤ ᠺᠠᠳ᠋ᠷ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠭᠤᠯᠪᠠ᠃
20250120-2.jpg
    ᠰᠤᠷᠭᠠᠨ ᠬᠥᠮᠦᠵᠢᠯ ᠤᠨ ᠹᠢᠯᠢᠮ ᠨᠢ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠡᠷᠬᠡ ᠲᠥᠪᠯᠡᠷᠡᠭᠰᠡᠨ᠂ ᠪᠠᠯᠠ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭᠵᠢᠭᠰᠡᠨ ᠬᠦᠷᠢᠶᠡᠨ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠣᠨᠴᠠ ᠵᠠᠷᠢᠮ ᠵᠠᠯᠠᠭᠤ ᠺᠠᠳ᠋ᠷ ᠤᠨ ᠬᠦᠰᠡᠯᠡᠩ ᠢᠲᠡᠭᠡᠯ ᠪᠢᠰᠢᠷᠡᠯ ᠨᠢ ᠨᠤᠷᠠᠵᠤ᠂ ᠥᠷᠲᠡᠭ ᠤᠨ ᠦᠵᠡᠯᠲᠡ ᠨᠢ ᠪᠤᠷᠤᠭᠤᠳᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠬᠠᠮᠰᠠᠷ ᠰᠤᠯᠠᠷᠠᠭᠰᠠᠨ ᠪᠡᠶᠡᠴᠢ ᠪᠤᠰᠤᠳᠴᠢ ᠰᠢᠯᠲᠠᠭᠠᠨ᠂ ᠲᠤᠰᠢᠶᠠᠯ ᠤᠨ ᠲᠥᠬᠦᠮ ᠢᠶᠠᠨ ᠠᠰᠢᠭᠯᠠᠨ ᠬᠤᠪᠢ ᠶᠢᠨ ᠠᠰᠢᠭ ᠣᠯᠵᠤ᠂ ᠱᠠᠮᠰᠢᠵᠤ ᠢᠯᠵᠠᠷᠠᠨ ᠳᠣᠷᠣᠶᠢᠳᠠᠭᠰᠠᠨ ᠪᠥᠬᠦ ᠶᠠᠪᠤᠴᠠ ᠳᠤ ᠭᠦᠨᠵᠡᠭᠡᠶ ᠵᠠᠳᠠᠯᠤᠯᠲᠠ ᠬᠢᠵᠦ᠂ ᠥᠷᠭᠡᠨ ᠣᠯᠠᠨ ᠵᠠᠯᠠᠭᠤ ᠺᠠᠳ᠋ᠷ ᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ︽ᠨᠢᠭᠡᠳᠦᠭᠡᠷ ᠲᠣᠪᠴᠢ︾᠎ ᠶᠢ ᠰᠠᠶᠢᠲᠤᠷ ᠲᠣᠪᠴᠢᠯᠠᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠭᠦᠶᠦᠬᠦ ᠶᠢ ᠬᠦᠮᠥᠵᠢᠭᠦᠯᠦᠨ ᠵᠢᠯᠤᠭᠤᠳᠪᠠ᠃      ᠺᠢᠨᠣ᠋ ᠦᠵᠡᠬᠦ ᠪᠠᠷ ᠳᠠᠮᠵᠢᠨ᠂ ᠵᠠᠯᠠᠭᠤ ᠺᠠᠳ᠋ᠷᠴᠤᠳ ᠰᠡᠷᠡᠮᠵᠢᠯᠡᠭᠦᠯᠬᠦ ᠹᠢᠯᠢᠮ ᠤᠨ ᠬᠥᠮᠦᠵᠢᠯ ᠭᠦᠨ ᠭᠦᠨᠵᠡᠭᠡᠢ ᠠᠴᠢ ᠬᠤᠯᠪᠣᠭᠳᠠᠯ ᠲᠠᠢ ᠶᠤᠮ᠂ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠡᠷᠬᠡ ᠪᠠᠨ ᠵᠥᠪ ᠬᠡᠷᠡᠭᠵᠢᠭᠦᠯᠵᠦ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠪᠠᠲᠤᠯᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠪᠣᠳᠠᠲᠠᠢ  ᠠᠵᠢᠯᠯᠠᠭ᠎ᠠ᠂ ᠪᠣᠳᠠᠲᠠᠢ ᠠᠮᠵᠢᠯᠲᠠ᠂ ᠪᠣᠳᠠᠲᠠᠢ ᠦᠷ᠎ᠡ ᠪᠦᠲᠦᠮᠵᠢ ᠪᠠᠷ ᠰᠢᠨ᠎ᠡ ᠴᠠᠭ ᠦᠶ᠎ᠡ ᠶᠢᠨ ᠵᠠᠯᠠᠭᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠬᠦ ᠬᠡᠷᠡᠭᠲᠡᠢ ᠭᠡᠵᠦ ᠢᠯᠡᠳᠬᠡᠵᠡᠭᠡᠪᠡ᠃                            ᠡᠬᠡ ᠪᠢᠴᠢᠭ᠄ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号