ᠨᠡᠶᠢᠭᠡᠮ ᠨᠡᠶᠢᠲᠡ ᠳᠤ᠄ | ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾᠂ ︽ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾᠂ ︽ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠬᠡᠮ ᠤᠨ | ᠪᠠᠷᠢᠮᠵᠢᠶ᠎ᠠ ᠶᠢᠨ ᠬᠡᠷᠡᠭᠵᠢᠭᠦᠯᠬᠦ ᠰᠠᠨᠠᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠢ ᠬᠠᠮᠵᠢᠨ ᠵᠠᠰᠠᠮᠠᠯ ᠵᠠᠮ ᠤᠨ ᠢᠨᠵᠧᠨᠧᠷᠢᠩ ᠤᠨ ᠬᠠᠮᠢᠶ᠎ᠠ ᠪᠥᠬᠦᠶ ᠬᠢᠷᠢ ᠬᠡᠮ ᠤᠨ | ᠮᠡᠳᠡᠭᠦᠯᠬᠦ ᠮᠠᠲ᠋ᠧᠷᠢᠶᠠᠯ ᠳᠤ ᠠᠵᠢᠯ ᠲᠥᠷᠥᠯ ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠥᠪᠥᠷ ᠮᠣᠩᠭᠤᠯ ᠤᠨ | ᠠᠨ ᠴᠠᠩ ᠵᠠᠰᠠᠮᠠᠯ ᠵᠠᠮ ᠤᠨ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 9 | ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠪᠠ ᠲᠤᠰᠬᠠᠶ ᠮᠡᠷᠭᠡᠵᠢᠯᠲᠡᠨ ᠤ ᠬᠢᠨᠠᠨ | ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠵᠠᠷᠯᠠᠨ ᠨᠡᠶᠢᠲᠡᠯᠡᠬᠦ | ᠴᠠᠭ ᠨᠢ 2025 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠠᠴᠠ 2025 ᠣᠨ ᠤ 1 ᠳ᠋ᠦ᠋ᠭᠡᠷ ᠰᠠᠷ᠎ᠠ ᠶᠢᠨ | 22 ᠤᠨ ᠡᠳᠦᠷ ᠪᠣᠯᠤᠨ᠎ᠠ᠃ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ | ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ ᠪᠢᠴᠢᠭ ᠤᠨ | ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ | ᠦᠭᠡᠢ ︵ᠰᠢᠤᠳᠠᠨ ᠢᠶᠠᠷ ᠢᠯᠡᠭᠡᠬᠦ ᠮᠠᠲ᠋ᠧᠷᠢᠶᠠᠯ ᠢ ᠰᠢᠤᠳᠠᠨ ᠤ ᠲᠠᠮᠠᠭ᠎ᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ | ᠪᠣᠯᠭᠠᠨ᠎ᠠ︶᠂ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠢᠯᠡᠴᠢᠯᠡᠨ ᠮᠡᠳᠡᠭᠦᠯᠦᠭᠰᠡᠨ | ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢ | ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠤ | ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ ᠥᠰᠥᠭ ᠵᠢᠷᠤᠬᠤ ᠬᠡᠷᠡᠭᠲᠡᠶ᠃ | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ | ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 010020 | ᠬᠠᠷᠢᠯᠴᠠᠬᠤ ᠬᠥᠮᠥᠨ᠄ ᠸᠠᠩ ᠹᠠᠩ ᠶᠠᠩ ᠯᠢ ᠱᠢ | ᠬᠠᠷᠢᠯᠴᠠᠬᠤ ᠤᠲᠠᠰᠤ᠄ 0471 - 6969040 | ᠢᠮᠧᠯ᠄ nmgjtjsc@126.com᠃ | ᠳᠠᠭᠠᠯᠳᠤᠭᠤᠯᠤᠯ᠄ 2025 ᠣᠨ ᠤ 1 ᠳ᠋ᠤᠭᠡᠷ ᠪᠦᠯᠦᠭ ᠤᠨ ᠵᠠᠰᠠᠮᠠᠯ ᠵᠠᠮ ᠤᠨ ᠢᠨᠵᠧᠨᠧᠷᠢᠩ ᠤᠨ ᠪᠠᠷᠢᠯᠭ᠎ᠠ | ᠪᠠᠷᠢᠬᠤ ᠠᠵᠤ ᠠᠬᠤᠶᠢᠯᠠᠯ ᠤᠨ ᠬᠢᠷᠢ ᠬᠡᠮ ᠤᠨ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | 2025 ᠣᠨ ᠤ 1 ᠳ᠋ᠦ᠋ᠭᠡᠷ ᠰᠠᠷ᠎ᠠ ᠶᠢᠨ16 ᠤ ᠡᠳᠦᠷ | |