ᠬᠢᠷᠢ ᠬᠡᠮ ᠤᠨ ᠰᠢᠯᠭᠠᠯᠲᠠ᠄ ᠡᠵᠡᠩᠨᠡᠯᠲᠡ ᠶᠢᠨ ᠴᠢᠨᠠᠷᠲᠠᠶ ᠵᠠᠮ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠵᠢᠯᠣᠭᠤᠴᠢ᠂ ᠵᠠᠮ ᠤᠨ ᠠᠶᠤᠯᠲᠠᠢ ᠪᠠᠷᠠᠭ᠎ᠠ ᠲᠡᠭᠡᠭᠡᠪᠦᠷᠢ ᠶᠢᠨ ᠵᠢᠯᠣᠭᠤᠴᠢ᠂ ᠵᠠᠮ ᠤᠨ ᠠᠶᠤᠯᠲᠠᠢ ᠪᠠᠷᠠᠭ᠎ᠠ ᠲᠡᠭᠡᠭᠡᠪᠦᠷᠢ ᠶᠢᠨ ᠠᠴᠢᠶᠠᠯᠠᠵᠤ ᠪᠠᠭᠤᠯᠭᠠᠬᠤ ᠬᠠᠮᠢᠶᠠᠷᠤᠯᠲᠠ ᠶᠢᠨ ᠠᠵᠢᠯᠲᠠᠨ ᠪᠠ ᠬᠠᠷᠠᠵᠤ ᠲᠡᠭᠡᠭᠡᠪᠦᠷᠢᠯᠡᠬᠦ ᠠᠵᠢᠯ ᠡᠷᠬᠢᠯᠡᠬᠦ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠶᠢ ᠬᠡᠷᠬᠢᠨ ᠭᠤᠶᠤᠴᠢᠯᠠᠬᠤ ᠪᠣᠶ︖
ᠨᠡᠶᠢᠲᠡᠯᠡᠭᠰᠡᠨ ᠴᠠᠭ᠄
2025/1/24
     ︽ᠵᠠᠮ ᠲᠡᠭᠡᠭᠡᠪᠦᠷᠢ ᠶᠢᠨ ᠠᠵᠢᠯᠯᠠᠭᠰᠠᠳ ᠤᠨ ᠬᠠᠮᠢᠶᠠᠷᠤᠯᠲᠠ ᠶᠢᠨ ᠲᠣᠭᠲᠠᠭᠠᠯ︾᠎ ᠳᠤ ᠡᠵᠡᠩᠨᠡᠯᠲᠡ ᠶᠢᠨ ᠴᠢᠨᠠᠷᠲᠠᠶ ᠵᠠᠮ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠎ ᠤᠨ ᠰᠢᠯᠭᠠᠯᠲᠠ ᠳᠤ ᠣᠷᠣᠯᠴᠠᠬᠤ ᠪᠠᠷ ᠭᠤᠶᠤᠴᠢᠯᠠᠭᠰᠠᠳ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠲᠦᠷ ᠰᠠᠭᠤᠭ᠎ᠠ ᠭᠠᠵᠠᠷ ᠤᠨ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ︽ᠡᠵᠡᠩᠨᠡᠯᠲᠡ ᠶᠢᠨ ᠴᠢᠨᠠᠷᠲᠠᠶ ᠵᠠᠮ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠰᠢᠯᠭᠠᠯᠲᠠ ᠶᠢᠨ ᠭᠤᠶᠤᠴᠢᠯᠠᠯ ᠤᠨ ᠬᠦᠰᠦᠨᠦᠭᠲᠦ︾ ︵ᠶᠠᠩᠵᠤ ᠶᠢ ᠳᠠᠭᠠᠯᠳᠤᠭᠤᠯᠤᠯ 1᠎ ᠳᠤ ᠦᠵᠡ︶᠎ ᠶᠢ ᠲᠠᠭᠯᠠᠬᠤ ᠶᠢᠨ ᠬᠠᠮᠲᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠢ ᠬᠠᠩᠭᠠᠬᠤ ᠬᠡᠷᠡᠭᠲᠡᠶ᠄      ︵ᠨᠢᠭᠡ︶ ᠪᠡᠶ᠎ᠡ ᠶᠢᠨ ᠬᠢᠷᠢ ᠬᠡᠮ ᠤᠨ ᠭᠡᠷᠡᠴᠢ︔      ︵ᠬᠤᠶᠠᠷ︶ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ︔      ︵ᠭᠤᠷᠪᠠ︶ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠪᠠᠷ ᠭᠤᠶᠤᠴᠢᠯᠠᠬᠤ ᠳᠤ ᠪᠠᠰᠠ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠷᠭᠠᠭᠰᠠᠨ 3 ᠵᠢᠯ ᠤᠨ ᠳᠣᠲᠣᠷ᠎ᠠ ᠬᠦᠨᠳᠦ ᠶᠡᠭᠡ ᠠᠴᠠ ᠳᠡᠭᠡᠭᠰᠢᠬᠢ ᠵᠠᠮ ᠬᠠᠷᠢᠯᠴᠠᠭᠠᠨ ᠤ ᠬᠠᠷᠢᠭᠤᠴᠠᠯᠭ᠎ᠠ ᠶᠢᠨ ᠠᠳᠡᠯ ᠤᠨ ᠲᠡᠮᠳᠡᠭᠯᠡᠯ ᠦᠭᠡᠢ ᠭᠡᠷᠡᠴᠢ ᠬᠠᠩᠭᠠᠬᠤ ᠬᠡᠷᠡᠭᠲᠡᠶ᠃      ᠠᠷᠪᠠᠨ ᠵᠢᠷᠭᠤᠳᠤᠭᠠᠷ ᠵᠦᠢᠯ   ᠵᠠᠮ ᠤᠨ ᠠᠶᠤᠯᠲᠠᠢ ᠪᠠᠷᠠᠭ᠎ᠠ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠪᠠᠷ ᠭᠤᠶᠤᠴᠢᠯᠠᠬᠤ ᠳᠤ᠂ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠲᠦᠷ ᠰᠠᠭᠤᠭ᠎ᠠ ᠭᠠᠵᠠᠷ ᠤᠨ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ︽ᠵᠠᠮ ᠤᠨ ᠠᠶᠤᠯᠲᠠᠢ ᠪᠠᠷᠠᠭ᠎ᠠ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠰᠢᠯᠭᠠᠯᠲᠠ ᠶᠢᠨ ᠭᠤᠶᠤᠴᠢᠯᠠᠯ ᠤᠨ ᠬᠦᠰᠦᠨᠦᠭᠲᠦ︾ ︵ᠶᠠᠩᠵᠤ ᠶᠢ ᠳᠠᠭᠠᠯᠳᠤᠭᠤᠯᠤᠯ 2᠎ ᠲᠤ ᠦᠵᠡ︶᠎ ᠶᠢ ᠲᠠᠭᠯᠠᠬᠤ ᠶᠢᠨ ᠬᠠᠮᠲᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠢ ᠬᠠᠩᠭᠠᠬᠤ ᠬᠡᠷᠡᠭᠲᠡᠶ᠄       ︵ᠨᠢᠭᠡ︶ ᠪᠡᠶ᠎ᠡ ᠶᠢᠨ ᠬᠢᠷᠢ ᠬᠡᠮ ᠤᠨ ᠭᠡᠷᠡᠴᠢ︔       ︵ᠬᠤᠶᠠᠷ︶ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ︔      ︵ᠭᠤᠷᠪᠠ︶ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠪᠤᠶᠤ ᠵᠠᠮ ᠤᠨ ᠪᠠᠷᠠᠭ᠎ᠠ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠪᠤᠶᠤ ᠪᠦᠬᠦᠯᠢ ᠡᠳᠦᠷ ᠤᠨ ᠳᠦᠷᠢᠮᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠷᠢᠶ᠎ᠠ ᠶᠢᠨ ᠦᠨᠡᠮᠯᠡᠯ ︵4500 ᠺᠢᠯᠣᠭ᠍ᠷᠠᠮ ᠵᠢᠴᠢ ᠲᠡᠭᠦᠨ ᠠᠴᠠ ᠳᠣᠷᠣᠭᠰᠢᠬᠢ ᠡᠩ ᠤᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠡᠵᠡᠩᠨᠡᠬᠦ ᠠᠵᠢᠯᠯᠠᠭ᠎ᠠ ᠬᠢᠵᠦ ᠪᠠᠶᠢᠭ᠎ᠠ ᠵᠢᠯᠣᠭᠤᠴᠢ ᠠᠴᠠ ᠭᠠᠳᠠᠨ᠎ᠠ︶︔      ︵ᠳᠥᠷᠪᠡ︶ ᠬᠠᠮᠢᠶ᠎ᠠ ᠪᠥᠬᠦᠶ ᠪᠣᠯᠪᠠᠰᠤᠷᠠᠯ ᠤᠨ ᠭᠡᠷᠡᠴᠢ︔     ︵ᠲᠠᠪᠤ︶ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠷᠭᠠᠭᠰᠠᠨ 3 ᠵᠢᠯ ᠤᠨ ᠳᠣᠲᠣᠷ᠎ᠠ ᠬᠦᠨᠳᠦ ᠶᠡᠭᠡ ᠠᠴᠠ ᠳᠡᠭᠡᠭᠰᠢᠬᠢ ᠵᠠᠮ ᠬᠠᠷᠢᠯᠴᠠᠭᠠᠨ ᠤ ᠬᠠᠷᠢᠭᠤᠴᠠᠯᠭ᠎ᠠ ᠶᠢᠨ ᠠᠳᠡᠯ ᠤᠨ ᠲᠡᠮᠳᠡᠭᠯᠡᠯ ᠦᠭᠡᠢ ᠭᠡᠷᠡᠴᠢ ᠃     ᠠᠷᠪᠠᠨ ᠳᠣᠯᠣᠳᠤᠭᠠᠷ ᠵᠦᠢᠯ  ᠵᠠᠮ ᠤᠨ ᠠᠶᠤᠯᠲᠠᠢ ᠪᠠᠷᠠᠭ᠎ᠠ ᠲᠡᠭᠡᠭᠡᠪᠦᠷᠢ ᠶᠢᠨ ᠠᠴᠢᠶᠠᠯᠠᠵᠤ ᠪᠠᠭᠤᠯᠭᠠᠬᠤ ᠬᠠᠮᠢᠶᠠᠷᠤᠯᠲᠠ ᠶᠢᠨ ᠠᠵᠢᠯᠳᠠᠨ ᠪᠣᠯᠤᠨ ᠬᠠᠷᠠᠵᠤ ᠲᠡᠭᠡᠭᠡᠪᠦᠷᠢᠯᠡᠬᠦ ᠬᠥᠮᠦᠰ ᠤᠨ ᠠᠵᠢᠯ ᠡᠷᠬᠢᠯᠡᠬᠦ ᠬᠢᠷᠢ ᠬᠡᠮ ᠤᠨ ᠰᠢᠯᠭᠠᠯᠲᠠ ᠲᠤ ᠣᠷᠣᠯᠴᠠᠬᠤ ᠪᠠᠷ ᠭᠤᠶᠤᠴᠢᠯᠠᠬᠤ ᠳᠤ᠂ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠲᠦᠷ ᠰᠠᠭᠤᠭ᠎ᠠ ᠭᠠᠵᠠᠷ ᠤᠨ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ︽ᠵᠠᠮ ᠤᠨ ᠠᠶᠤᠯᠲᠠᠢ ᠪᠠᠷᠠᠭ᠎ᠠ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠰᠢᠯᠭᠠᠯᠲᠠ ᠶᠢᠨ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠬᠤ ᠶᠢᠨ ᠬᠠᠮᠲᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠢ ᠬᠠᠩᠭᠠᠬᠤ ᠬᠡᠷᠡᠭᠲᠡᠢ᠄        ︵ᠨᠢᠭᠡ︶ ᠪᠡᠶ᠎ᠡ ᠶᠢᠨ ᠬᠢᠷᠢ ᠬᠡᠮ ᠤᠨ ᠭᠡᠷᠡᠴᠢ︔        ︵ᠬᠤᠶᠠᠷ︶ ᠰᠤᠷᠤᠯᠭ᠎ᠠ ᠶᠢᠨ ᠨᠠᠮᠲᠠᠷ ᠤᠨ ᠭᠡᠷᠡᠴᠢ︔        ︵ᠭᠤᠷᠪᠠ︶ ᠬᠠᠮᠢᠶ᠎ᠠ ᠪᠦᠬᠦᠢ ᠪᠣᠯᠪᠠᠰᠤᠷᠠᠯ ᠤᠨ ᠭᠡᠷᠡᠴᠢ᠃      ᠪᠣᠳᠠᠲᠠᠶ ᠵᠦᠶᠯᠡᠰ ᠢ ᠬᠤᠲᠠ ᠶᠢᠨ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠡᠭᠡᠭᠡᠪᠦᠷᠢ ᠶᠢᠨ ᠦᠶᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠠᠶᠠᠨᠴᠢᠳ ᠤᠨ  ᠵᠥᠭᠡᠭᠡᠪᠦᠷᠢ ᠶᠢᠨ ᠰᠠᠯᠠᠭ᠎ᠠ ᠠᠴᠠ ᠯᠠᠪᠯᠠᠵᠤ ᠪᠣᠯᠤᠨ᠎ᠠ᠂ ᠬᠠᠷᠢᠯᠴᠠᠬᠤ ᠤᠲᠠᠰᠤ᠄ 8821205᠂ 8821207᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号