2024 ᠣᠨ ᠤ 12 ᠳ᠋ᠤᠭᠠᠷ ᠰᠠᠷ᠎ᠠ ᠶᠢᠨ 30 ᠤ ᠡᠳᠦᠷ᠂ ᠪᠤᠭᠤᠲᠤ ᠠᠴᠠ ᠢᠷᠭᠠᠢ ᠬᠦᠷᠬᠦ ᠳᠡᠭᠡᠳᠦ | ᠬᠤᠷᠳᠤ ᠶᠢᠨ ᠲᠡᠮᠦᠷ ᠵᠠᠮ ᠤᠨ ᠭᠠᠨᠳᠠᠷᠢ ᠨᠦᠬᠡᠨ ᠵᠠᠮ ᠤᠷᠤᠭᠰᠢᠲᠠᠢ ᠨᠡᠪᠲᠡᠷᠡᠵᠦ᠂ ᠡᠭᠦᠨ ᠠᠴᠠ ᠪᠤᠭᠤᠲᠤ ᠠᠴᠠ | ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ︽ᠬᠤᠶᠠᠷ ᠬᠥᠭᠦᠷᠭᠡ ᠨᠢᠭᠡ ᠨᠦᠬᠡᠨ ᠵᠠᠮ︾ ᠤᠨ ᠡᠵᠡᠮᠳᠡᠬᠦ | ᠴᠢᠨᠠᠷᠲᠠᠢ ᠢᠨᠵᠧᠨᠧᠷᠢᠩ ᠢ ᠪᠦᠬᠦᠨ ᠢ ᠪᠡᠶᠡᠯᠡᠭᠦᠯᠵᠦ᠂ ᠪᠦᠬᠦ ᠱᠤᠭᠤᠮ ᠢ ᠪᠦᠳᠦᠭᠡᠨ ᠪᠠᠶᠢᠭᠤᠯᠬᠤ ᠳᠤ ᠪᠠᠲᠤ ᠪᠠᠬᠢ | ᠨᠢᠭᠡ ᠠᠯᠬᠤᠮ ᠢ ᠠᠯᠬᠤᠪᠠ᠃ | | | | ᠣᠶᠢᠯᠠᠭᠠᠭᠰᠠᠨ ᠢᠶᠠᠷ᠂ ᠭᠠᠨᠳᠠᠷᠢ ᠠᠭᠤᠯᠠ ᠶᠢᠨ ᠨᠦᠬᠡᠨ ᠵᠠᠮ ᠨᠢ ᠥᠪᠥᠷ ᠮᠣᠩᠭᠤᠯ ᠤᠨ ᠦᠬᠠᠶ ᠬᠤᠲᠠ ᠶᠢᠨ | ᠬᠢᠯᠢ ᠳᠤ ᠪᠠᠶᠢᠷᠢᠯᠠᠵᠤ᠂ ᠪᠥᠬᠦ ᠣᠷᠳᠣ ᠨᠢ 12095 ᠮᠧᠲᠷ᠂ ᠬᠠᠮᠤᠭ ᠤᠨ ᠭᠦᠨ ᠨᠢ 294.4 ᠮᠧᠲᠷ᠂ ᠨᠦᠬᠡᠨ | ᠵᠠᠮ ᠨᠢ 17 ᠵᠤᠷᠪᠤᠰ ᠵᠥᠷᠢᠭᠳᠡᠯ ᠤᠨ ᠡᠪᠳᠡᠷᠬᠡᠢ ᠪᠥᠰᠡ ᠪᠠᠷ ᠥᠩᠭᠡᠷᠡᠵᠦ᠂ ᠨᠦᠬᠡᠨ ᠵᠠᠮ ᠤᠨ ᠭᠠᠵᠠᠷ ᠤᠨ ᠪᠠᠶᠢᠴᠠ | ᠪᠤᠳᠤᠯᠢᠶᠠᠨᠲᠠᠶ ᠪᠦᠭᠡᠳ ᠬᠤᠪᠢᠷᠠᠯᠲᠠ ᠶᠡᠬᠡᠲᠡᠶ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠥᠨᠳᠥᠷ | ᠪᠠᠶᠢᠵᠤ᠂ ᠪᠥᠬᠦ ᠱᠤᠭᠤᠮ ᠤᠨ ᠴᠢᠬᠤᠯᠠ ᠪᠡᠷᠬᠡ ᠡᠵᠡᠮᠳᠡᠬᠦ ᠴᠢᠨᠠᠷᠲᠠᠶ ᠪᠠᠷᠢᠯᠭ᠎ᠠ ᠶᠢᠨ ᠨᠢᠭᠡ ᠪᠣᠯᠤᠨ᠎ᠠ᠃ | | | | ᠲᠥᠷᠥᠯ ᠵᠦᠢᠯ ᠢ ᠡᠬᠢᠯᠡᠨ ᠪᠠᠶᠢᠭᠤᠯᠤᠭᠰᠠᠨ ᠠᠴᠠ ᠨᠠᠭᠠᠰᠢ᠂ ᠲᠡᠮᠦᠷ ᠵᠠᠮ ᠤᠨ ᠰᠠᠯᠠᠭ᠎ᠠ ᠮᠥᠴᠢᠷ ᠤᠳ | ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠶᠢ ᠵᠣᠬᠢᠶᠠᠨ ᠪᠠᠶᠢᠭᠤᠯᠤᠨ ᠪᠠᠷᠢᠯᠭ᠎ᠠ ᠶᠢᠨ ᠠᠵᠢᠯ ᠤᠨ | ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠪᠦᠷᠢᠨ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠲᠥᠬᠦᠭᠡᠷᠦᠮᠵᠢ | ᠵᠢᠴᠢ ᠠᠮᠤᠷ ᠲᠦᠪᠰᠢᠨ ᠤ ᠣᠶᠤᠨᠴᠢ ᠡᠵᠡᠮᠰᠢᠯ ᠤᠨ ᠰᠢᠰᠲ᠋ᠧᠮ ᠢ ᠭᠦᠢᠴᠡᠳ ᠬᠡᠷᠡᠭᠯᠡᠵᠦ᠂ ᠬᠤᠯᠠ ᠵᠠᠶᠢᠲᠤ ᠭᠠᠵᠠᠷ | ᠰᠢᠨᠵᠢᠯᠡᠭᠡᠨ ᠤ ᠥᠷᠥᠮᠳᠡᠭᠦᠷ ᠮᠠᠰᠢᠨ᠂ ᠲᠣᠭᠠᠴᠢᠯᠠᠭᠰᠠᠨ ᠵᠠᠩᠭᠤᠤ ᠥᠷᠥᠮᠳᠡᠭᠦᠷ ᠮᠠᠰᠢᠨ ᠢ ᠠᠮᠢᠳᠤᠯᠢᠭ ᠢᠶᠠᠷ | ᠬᠡᠷᠡᠭᠯᠡᠵᠦ᠂ ᠵᠥᠷᠢᠭᠳᠡᠯ ᠤᠨ ᠡᠪᠳᠡᠷᠬᠡᠢ ᠪᠥᠰᠡ ᠶᠢᠨ ᠤᠷᠢᠳᠴᠢᠯᠠᠨ ᠬᠠᠮᠠᠭᠠᠯᠠᠬᠤ ᠪᠠᠷᠢᠯᠭ᠎ᠠ ᠶᠢ ᠠᠮᠤᠷ ᠲᠦᠪᠰᠢᠨ | ᠲᠦᠷᠭᠡᠨ ᠪᠡᠶᠡᠯᠡᠭᠦᠯᠪᠡ︔ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠡᠷᠴᠢᠮ ᠢᠶᠠᠨ | ᠴᠢᠩᠭᠠᠷᠠᠭᠤᠯᠵᠤ᠂ ᠨᠦᠬᠡᠨ ᠵᠠᠮ ᠤᠨ ᠪᠠᠷᠢᠯᠭ᠎ᠠ ᠶᠢᠨ ᠲᠤᠨᠤᠬ ᠤᠨ ᠤᠷ᠎ᠠ ᠮᠡᠷᠭᠡᠰᠢᠯ ᠤᠨ ᠲᠤᠰᠬᠠᠢ ᠠᠰᠢᠭ ᠤᠨ | ᠡᠭᠦᠳᠦᠯᠲᠡ ᠪᠠ ᠬᠡᠷᠡᠭᠯᠡᠯᠲᠡ ᠶᠢᠨ 6 ᠵᠦᠢᠯ ᠢ ᠬᠡᠷᠡᠭᠵᠢᠭᠦᠯᠵᠦ᠂ ᠨᠦᠬᠡᠨ ᠵᠠᠮ ᠤᠨ ᠪᠠᠷᠢᠯᠭ᠎ᠠ ᠶᠢᠨ ᠠᠵᠢᠯ ᠤᠨ ᠦᠷ᠎ᠡ | ᠪᠦᠲᠦᠮᠵᠢ ᠪᠠ ᠬᠡᠷᠡᠭᠯᠡᠭᠡᠨ ᠤ 6 ᠵᠦᠢᠯ ᠢ ᠬᠡᠷᠡᠭᠵᠢᠭᠦᠯᠵᠦ᠂ ᠨᠦᠬᠡᠨ ᠵᠠᠮ ᠮᠠᠯᠲᠠᠬᠤ ᠠᠵᠢᠯ ᠤᠨ ᠦᠷ᠎ᠡ ᠪᠦᠲᠦᠮᠵᠢ | ᠪᠠ ᠪᠠᠷᠢᠯᠭ᠎ᠠ ᠶᠢᠨ ᠪᠣᠳᠠᠲᠤ ᠴᠣᠭᠴᠠ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠨᠦᠬᠡᠨ ᠵᠠᠮ ᠤᠨ | ᠠᠮᠤᠷ ᠲᠦᠪᠰᠢᠨ ᠲᠣᠭᠲᠠᠭᠤᠨ ᠢᠶᠠᠷ ᠮᠠᠯᠲᠠᠬᠤ ᠶᠢ ᠦᠨᠡᠨ ᠬᠦ ᠪᠠᠲᠤᠯᠠᠪᠠ᠃ | ᠭᠠᠨᠳᠠᠷᠢ ᠠᠭᠤᠯᠠ ᠶᠢᠨ ᠨᠦᠬᠡᠨ ᠵᠠᠮ ᠨᠢ ᠴᠢᠨ ᠬᠠᠨ ᠤᠯᠤᠰ ᠤᠨ ᠣᠷᠳᠣ ᠴᠠᠭᠠᠨ ᠬᠡᠷᠡᠮ ᠤᠨ ᠪᠠᠭᠤᠷᠢ ᠲᠠᠢ | ᠬᠥᠷᠰᠢᠯᠡᠵᠦ᠂ ᠤᠯᠤᠰ ᠤᠨ ᠲᠠᠰ ᠤᠨ ᠨᠣᠴᠤᠭᠠᠨᠠ ᠶᠢᠨ ᠬᠠᠮᠠᠭᠠᠯᠠᠯᠲᠠ ᠶᠢᠨ ᠣᠷᠣᠨ ᠢ ᠲᠤᠭᠤᠯᠤᠨ᠂ ᠪᠠᠷᠢᠯᠭ᠎ᠠ ᠶᠢᠨ | ᠨᠢᠭᠡᠴᠢ ᠨᠢ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠪᠣᠬᠢᠷᠲᠤᠯ ᠥᠬᠡᠶ ᠪᠠᠶᠢᠭᠤᠯᠬᠤ | ᠣᠶᠢᠯᠠᠭᠠᠭᠳᠠᠬᠤᠨ ᠢ ᠪᠠᠷᠢᠯᠭ᠎ᠠ ᠶᠢᠨ ᠪᠥᠬᠦ ᠶᠠᠪᠤᠴᠠ ᠳᠤ ᠲᠣᠭᠤᠰᠢᠯᠠᠭᠤᠯᠬᠤ ᠶᠢ ᠪᠠᠷᠢᠮᠲᠠᠯᠠᠵᠤ᠂ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢ ᠵᠣᠬᠢᠴᠠᠭᠤᠯᠤᠨ ᠬᠠᠮᠲᠤ ᠪᠠᠷ | ᠤᠷᠤᠭᠰᠢᠯᠠᠬᠤ ᠶᠢ ᠪᠡᠶᠡᠯᠡᠭᠦᠯᠪᠡ᠃ | ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠪᠣᠯ ᠮᠠᠨ ᠤ ᠤᠯᠤᠰ ᠤᠨ ︽ᠨᠠᠢᠮᠠᠨ | ᠭᠤᠯᠳᠤ ᠨᠠᠢᠮᠠᠨ ᠬᠥᠨᠳᠡᠯᠡᠨ︾ ᠳᠡᠭᠡᠳᠦ ᠬᠤᠷᠳᠤ ᠶᠢᠨ ᠲᠡᠮᠦᠷ ᠵᠠᠮ ᠤᠨ ᠲᠣᠣᠷ ᠤᠨ ᠪᠡᠭᠡᠵᠢᠩ ᠠᠴᠠ ᠯᠠᠨᠵᠸᠦ ᠬᠦᠷᠬᠦ | ᠵᠠᠮ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠤᠯᠤᠰ ᠤᠨ ᠳᠡᠭᠡᠳᠦ | ᠬᠤᠷᠳᠤ ᠶᠢᠨ ᠲᠡᠮᠦᠷ ᠵᠠᠮ ᠤᠨ ᠲᠣᠣᠷ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠬᠦ᠂ ᠪᠡᠭᠡᠵᠢᠩ ᠠᠴᠠ ᠯᠠᠨᠵᠸᠦ | ᠬᠦᠷᠬᠦ ᠵᠠᠮ ᠤᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠢ ᠰᠢᠯᠢᠳᠡᠭᠵᠢᠭᠦᠯᠬᠦ᠂ ᠠᠶᠠᠨᠴᠢᠳ ᠤᠨ ᠲᠦᠷᠭᠡᠨ | ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠵᠢᠴᠢ ᠪᠠᠷᠠᠭᠤᠨ ᠬᠤᠶᠢᠲᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | ᠡᠬᠡ ᠪᠢᠴᠢᠭ᠄ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ | ᠦᠢᠯᠡᠰ ᠤᠨ ᠬᠥᠭᠵᠢᠯᠲᠡ ᠶᠢᠨ ᠲᠥᠪ |