| | 2024 ᠣᠨ ᠤ 12 ᠳ᠋ᠤᠭᠠᠷ ᠰᠠᠷ᠎ᠠ ᠶᠢᠨ 30 ᠤ ᠡᠳᠦᠷ᠂ ᠭᠠᠭᠴᠠᠮᠣᠳᠣ ᠪᠣᠭᠤᠮᠲᠠ ᠠᠴᠠ ᠬᠠᠯᠢᠭᠤᠲᠤ | ᠪᠠᠯᠭᠠᠰᠤ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠪᠡ᠃ | ᠲᠣᠰ ᠲᠥᠷᠥᠯ ᠵᠦᠢᠯ ᠪᠣᠯ ᠭᠠᠭᠴᠠᠮᠣᠳᠣ ᠪᠣᠭᠤᠮᠲᠠ ᠠᠴᠠ ᠮᠤᠨᠠ ᠠᠭᠤᠯᠠ ᠬᠥᠷᠬᠦ ᠳᠡᠭᠡᠳᠦ ᠬᠤᠷᠳᠤ ᠶᠢᠨ | ᠵᠠᠰᠠᠮᠠᠯ ᠵᠠᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠪᠣᠯᠤᠨ᠎ᠠ᠂ ᠭᠤᠤᠯ ᠱᠤᠭᠤᠮ ᠤᠨ ᠪᠥᠬᠦ ᠣᠷᠳᠣ ᠨᠢ | ᠪᠠᠷᠤᠭ 131 ᠺᠢᠯᠦᠮᠧᠲᠷ᠂ ᠬᠤᠤᠰ ᠴᠢᠭᠯᠡᠯ ᠤᠨ 4 ᠲᠡᠷᠭᠡᠨ ᠵᠠᠮ ᠲᠠᠢ᠂ ᠶᠡᠷᠦᠩᠬᠡᠶ ᠪᠠᠯᠠ ᠣᠷᠣᠭᠤᠯᠤᠯᠲᠠ ᠨᠢ | ᠪᠠᠷᠤᠭ 55 ᠳ᠋ᠦᠩᠰᠢᠭᠤᠷ ᠲᠥᠭᠦᠷᠢᠭ ᠪᠠᠶᠢᠵᠤ᠂ 2022 ᠣᠨ ᠤ 11 ᠳ᠋ᠦ᠋ᠭᠡᠷ ᠰᠠᠷ᠎ᠠ ᠳᠤ ᠪᠠᠷᠢᠯᠭ᠎ᠠ ᠡᠬᠢᠯᠡᠭᠦᠯᠪᠡ᠃ | | ᠣᠶᠢᠯᠠᠭᠠᠭᠰᠠᠨ ᠢᠶᠠᠷ᠂ ᠭᠠᠭᠴᠠᠮᠣᠳᠣ ᠪᠣᠭᠤᠮᠲᠠ ᠪᠣᠯ ᠮᠠᠨ ᠤ ᠤᠯᠤᠰ ᠤᠨ ᠨᠢᠭᠡᠳᠦᠭᠡᠷ ᠲᠥᠷᠥᠯ ᠤᠨ ᠡᠬᠡ | ᠬᠠᠭᠤᠷᠠᠶ ᠶᠢᠨ ᠪᠣᠭᠤᠮᠲᠠ᠂ ᠴᠢᠬᠤᠯᠠ ᠡᠨᠧᠷᠭᠢ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠮ | ᠪᠣᠯᠬᠤ ᠪᠥᠭᠡᠳ ᠪᠠᠰᠠ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣᠬᠢ ᠪᠠᠷᠠᠭ᠎ᠠ ᠥᠩᠭᠡᠷᠡᠭᠦᠯᠬᠦ | ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠣᠯᠤᠨ᠎ᠠ᠃ ᠭᠠᠭᠴᠠᠮᠣᠳᠣ ᠠᠴᠠ ᠬᠠᠯᠢᠭᠤᠲᠤ ᠬᠦᠷᠬᠦ | ᠳᠡᠭᠡᠳᠦ ᠬᠤᠷᠳᠤ ᠶᠢᠨ ᠵᠠᠰᠠᠮᠠᠯ ᠵᠠᠮ ᠨᠡᠪᠲᠡᠷᠡᠭᠰᠡᠨ ᠤ ᠳᠠᠷᠠᠭ᠎ᠠ᠂ ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ | ᠵᠠᠮ ᠤᠨ ᠲᠣᠤᠷ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠬᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠵᠢᠷᠤᠭ ᠪᠤᠯ ᠭᠠᠭᠴᠠᠮᠣᠳᠣ ᠠᠴᠠ ᠬᠠᠯᠢᠭᠤᠲᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠯᠢᠭᠤᠲᠤ ᠶᠢᠨ | ᠬᠡᠰᠡᠭ ᠤᠨ ᠵᠢᠷᠤᠭ ᠪᠤᠯᠤᠨ᠎ᠠ᠃ | |