1 ᠳ᠋ᠦ᠋ᠭᠡᠷ ᠰᠠᠷ᠎ᠠ ᠶᠢᠨ 7 ᠤ ᠡᠳᠦᠷ᠂ 2025 ᠣᠨ ᠤ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ 2024 ᠣᠨ ᠤ ᠠᠵᠢᠯ ᠢ ᠳ᠋ᠦᠩᠨᠡᠨ᠂ ᠪᠠᠶᠢᠳᠠᠯ ᠢ ᠵᠠᠳᠠᠯᠵᠤ᠂ | 2025 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ | ᠳᠠᠷᠤᠭ᠎ᠠ ᠭᠤᠤ ᠱᠢ ᠴᠢᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠᠴᠢᠯᠠᠭᠰᠠᠨ ᠨᠢ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ | ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ | ᠬᠥᠳᠡᠯᠭᠡᠭᠴᠢ ᠬᠦᠴᠦᠨ ᠪᠣᠯᠭᠠᠨ᠂ ︽ᠨᠢᠭᠡ ᠭᠤᠤᠯ ᠱᠤᠭᠤᠮ ᠢ ᠲᠤᠭᠤᠰᠢᠯᠠᠭᠤᠯᠤᠨ᠂ ︿ᠬᠤᠶᠠᠷ ᠶᠡᠭᠡ ᠶᠠᠪᠤᠳᠠᠯ﹀ | ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢ ᠨᠡᠭᠡᠭᠡᠵᠦ ᠳᠤᠮᠳᠠ | ᠲᠥᠪᠰᠢᠨ ᠳᠤ ᠣᠷᠣᠬᠤ︾ ᠪᠣᠳᠠᠲᠠᠶ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠦᠷᠢᠶᠡᠨ ᠳᠠᠬᠢ ︽ᠲᠠᠪᠤᠨ ᠶᠡᠭᠡ ᠡᠭᠦᠷᠭᠡ ᠶᠢ ᠦᠷᠭᠦᠯᠵᠢᠯᠡᠨ ᠠᠬᠢᠭᠤᠯᠵᠤ᠂ ᠵᠢᠷᠭᠤᠭᠠᠨ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠢᠷᠭᠤᠭᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ︾ | ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ | ᠲᠦᠯᠦᠪᠵᠢᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ | ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠡᠢ᠃ | | | | ᠬᠤᠷᠠᠯ ᠠᠴᠠ᠂ 2024 ᠣᠨ ᠳᠤ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ | ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠣᠯᠤᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠠᠵᠤ ᠦᠶᠯᠡᠰ ᠢ ᠪᠣᠶᠢᠵᠢᠭᠤᠯᠬᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ᠂ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ᠂ ᠨᠠᠮ ᠤᠨ ᠪᠠᠶᠢᠭᠤᠯᠤᠯᠲᠠ ᠪᠠᠷ ᠳᠠᠭᠠᠭᠤᠯᠬᠤ ᠵᠢᠷᠭᠤᠭᠠᠨ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠦᠷ᠎ᠡ ᠪᠦᠲᠦᠮᠵᠢ᠂ ᠵᠠᠮ ᠬᠠᠷᠢᠯᠴᠠᠭ᠎ᠠ ᠪᠠᠷᠠᠭᠠᠨ ᠤ | ᠭᠦᠶᠯᠭᠡᠭᠡ ᠶᠢᠨ ᠶᠠᠰᠤ ᠴᠢᠨᠠᠷ ᠦᠷ᠎ᠡ ᠪᠦᠲᠦᠮᠵᠢ᠂ ᠠᠵᠢᠯ ᠲᠥᠷᠥᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ᠂ | ᠦᠶᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ᠂ ᠠᠮᠤᠷ ᠲᠦᠪᠰᠢᠨ ᠬᠥᠭᠵᠢᠯᠲᠡ ᠶᠢᠨ ᠲᠦᠪᠰᠢᠨ᠂ ᠰᠤᠷᠲᠠᠯ ᠤᠨ | ᠴᠢᠳᠠᠪᠤᠷᠢ ᠶᠢᠨ ᠪᠠᠶᠢᠭᠤᠯᠤᠯᠲᠠ ᠵᠢᠷᠭᠤᠭᠠᠨ ᠲᠠᠯ᠎ᠠ ᠪᠠᠷ ᠢᠯᠡᠳᠲᠡ ᠳᠡᠭᠡᠭᠰᠢᠯᠡᠯᠲᠡ ᠲᠠᠢ ᠪᠠᠶᠢᠬᠤ ᠶᠢ ᠪᠡᠶᠡᠯᠡᠭᠦᠯᠪᠡ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ 2025 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠰᠠᠶᠢᠲᠤᠷ ᠬᠢᠬᠦ ᠳᠤ᠂ ᠲᠥᠪ | ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠢᠯ ᠤᠨ ᠬᠤᠷᠠᠯ᠂ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠡᠯ᠎ᠡ ᠵᠦᠶᠯ | ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ | ᠪᠠᠲᠤᠳᠬᠠᠨ᠂ ᠠᠰᠢᠭᠲᠠᠶ ᠠᠵᠠ ᠲᠣᠬᠢᠶᠠᠯ ᠢ ᠠᠮᠵᠢᠵᠤ᠂ ︽ᠳᠥᠷᠪᠡᠨ ᠲᠠᠯ᠎ᠠ ᠪᠠᠷ ᠬᠦᠴᠦᠯᠡᠬᠦ︾ ᠶᠢ ᠳᠣᠪᠣᠶᠢᠯᠭᠠᠨ᠂ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠪᠠᠶᠢᠷᠢᠰᠢᠯ ᠢ ᠬᠦᠴᠦᠯᠡᠨ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠪᠠᠷᠠᠭᠠᠨ | ᠤ ᠭᠦᠢᠯᠭᠡᠭᠡ ᠶᠢᠨ ᠥᠪᠡᠷ ᠤᠨ ᠥᠷᠲᠡᠭ ᠢ ᠬᠦᠴᠦᠯᠡᠨ ᠪᠠᠭᠤᠷᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠦᠷᠢᠶᠡᠨ ᠤ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠦᠶᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ | ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ 8 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ ᠨᠢᠭᠡ | ᠳᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠠᠬᠢᠭᠤᠯᠵᠤ᠂ ᠣᠳᠣᠬᠢᠴᠢᠯᠠᠭᠰᠠᠨ ᠶᠡᠷᠦᠩᠬᠡᠶᠢᠯᠡᠭᠰᠡᠨ | ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠪᠠᠶᠢᠭᠤᠯᠤᠨ᠎ᠠ᠃ ᠬᠤᠶᠠᠷ ᠲᠤ᠂ ᠵᠠᠮ ᠬᠠᠷᠢᠯᠴᠠᠭ᠎ᠠ ᠪᠠᠷᠠᠭᠠᠨ | ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠭᠦᠨᠵᠡᠭᠡᠶ ᠠᠬᠢᠭᠤᠯᠵᠤ᠂ ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ | ᠪᠠᠭᠤᠷᠠᠭᠤᠯᠬᠤ ᠳᠤ ᠬᠦᠴᠦᠨ ᠨᠡᠮᠡᠷᠢᠯᠡᠨ᠎ᠡ᠃ ᠭᠤᠷᠪᠠ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠥᠳᠡᠯᠭᠡᠭᠴᠢ ᠬᠦᠴᠦᠨ ᠢᠳᠡᠪᠬᠢ ᠬᠦᠴᠦᠨ ᠢ ᠴᠢᠩᠭᠠᠷᠠᠭᠤᠯᠤᠨ᠎ᠠ᠃ | ᠳᠥᠷᠪᠡ ᠳᠤ᠂ ᠵᠠᠬ᠎ᠠ ᠳᠡᠯᠭᠡᠭᠦᠷᠴᠢᠯᠡᠬᠦ ᠰᠡᠳᠬᠢᠬᠦᠶ ᠶᠢ ᠪᠣᠶ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠪᠤ ᠳᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ | ᠤᠨ ᠬᠦᠴᠦᠨ ᠢ ᠬᠥᠭᠵᠢᠭᠦᠯᠵᠦ᠂ ᠣᠶᠤᠨᠴᠢ ᠪᠣᠬᠢᠷᠲᠤᠯ ᠦᠭᠡᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ | ᠲᠦᠷᠭᠡᠳᠬᠡᠨ ᠪᠦᠷᠢᠯᠳᠦᠭᠦᠯᠦᠨ᠎ᠡ᠃ ᠵᠢᠷᠭᠤᠭ᠎ᠠ ᠳᠤ᠂ ᠵᠠᠮ ᠬᠠᠷᠢᠯᠴᠠᠭᠠᠨ ᠤ ᠣᠷᠣᠨ ᠪᠦᠰᠡ ᠶᠢᠨ ᠬᠠᠮᠲᠤᠷᠠᠯᠴᠠᠭ᠎ᠠ | ᠶᠢ ᠭᠦᠨᠵᠡᠭᠡᠶᠢᠷᠡᠭᠦᠯᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠦᠢᠯᠡᠴᠢᠯᠡᠨ ᠲᠤᠯᠭᠠᠭᠤᠷᠢᠯᠠᠨ᠎ᠠ᠃ | ᠳᠣᠯᠤᠭ᠎ᠠ ᠳᠤ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢ ᠨᠠᠶᠢᠳᠠᠪᠤᠷᠢᠵᠢᠭᠤᠯᠵᠤ᠂ ᠠᠵᠢᠯ ᠲᠥᠷᠥᠯ | ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠨᠠᠢᠮᠠ ᠳᠤ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ | ᠪᠠᠷ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠬᠦᠲᠦᠯᠦᠨ ᠳᠠᠭᠠᠭᠤᠯᠤᠨ᠎ᠠ ᠭᠡᠵᠦ ᠴᠢᠬᠤᠯᠠᠴᠢᠯᠠᠪᠠ᠃ | | | | ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ | ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠬᠠᠷᠢᠭᠤᠴᠠᠯᠭ᠎ᠠ ᠡᠭᠦᠷᠭᠡᠯᠡᠨ | ᠬᠤᠪᠢ ᠨᠡᠮᠡᠷᠢ ᠦᠵᠡᠭᠦᠯᠵᠦ᠂ ᠲᠡᠰᠪᠦᠷᠢ ᠬᠠᠲᠠᠭᠤᠵᠢᠯᠲᠠᠶ ᠪᠠᠷ ᠰᠢᠨ᠎ᠡ ᠵᠠᠮ ᠨᠡᠬᠡᠬᠡᠨ᠂ ᠴᠤᠴᠠᠯᠲᠠ ᠥᠬᠡᠶ | ᠤᠷᠤᠭᠰᠢᠯᠠᠨ ᠳᠤᠮᠳᠠ ᠲᠥᠪᠰᠢᠨ ᠳᠤ ᠣᠷᠣᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠥᠲᠥᠭᠡᠨ | ᠪᠠᠶᠢᠭᠤᠯᠬᠤ ᠪᠠᠷ ᠬᠦᠴᠦᠯᠡᠨ ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ | ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠵᠠᠮ ᠬᠠᠷᠢᠯᠴᠠᠭᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠢᠶᠠᠨ ᠶᠠ ᠯᠢ ᠪᠥᠬᠦᠳᠡ ᠬᠤᠷᠠᠯ ᠢ | ᠡᠷᠭᠢᠯᠡᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠵᠠᠮ | ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠺᠣᠮᠫᠠᠨᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ | ᠪᠦᠯᠦᠭᠯᠡᠯ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ᠂ ᠥᠪᠥᠷ ᠮᠣᠩᠭᠤᠯ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ᠂ ᠥᠪᠥᠷ ᠮᠣᠩᠭᠤᠯ ᠤᠨ ᠳᠡᠭᠡᠳᠤ ᠬᠤᠷᠳᠤ ᠶᠢᠨ ᠲᠡᠮᠦᠷ | ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | ᠲᠢᠩᠬᠢᠮ ᠤᠨ ᠶᠡᠷᠦᠩᠬᠡᠶ ᠢᠨᠵᠧᠨᠧᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠥᠬᠦᠶ ᠨᠥᠬᠦᠳ᠂ ᠡᠯ᠎ᠡ ᠠᠶᠢᠮᠠᠭ ᠬᠤᠲᠠ ᠶᠢᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ᠂ ᠲᠢᠩᠬᠢᠮ ᠤᠨ | ᠪᠠᠶᠢᠭᠤᠯᠭ᠎ᠠ ᠶᠢᠨ ᠭᠠᠵᠠᠷ ᠲᠠᠰᠤᠭ ᠤᠨ ᠭᠤᠤᠯ ᠬᠠᠷᠢᠭᠤᠴᠠᠯᠭᠠᠲᠠᠨ ᠨᠥᠬᠦᠳ᠂ ᠪᠠᠶᠢᠭᠤᠯᠭ᠎ᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠱᠦᠵᠢ︔ ᠲᠢᠩᠬᠢᠮ ᠤᠨ ᠰᠢᠭᠤᠳ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ | ᠨᠥᠬᠦᠳ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ | ᠲᠥᠪ ᠤᠨ ᠳᠡᠳ᠋ ᠡᠷᠬᠢᠯᠡᠭᠴᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠡᠰᠡᠭ ᠭᠠᠵᠠᠷ ᠲᠠᠰᠤᠭ ᠤᠨ | ᠬᠠᠷᠢᠭᠤᠴᠠᠯᠭᠠᠲᠠᠨ ᠨᠥᠬᠦᠳ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠷᠦᠩᠬᠡᠶ ᠠᠩᠭᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠰᠠᠯᠪᠤᠷᠢ ᠠᠩᠭᠢ ᠶᠢᠨ | ᠳᠠᠷᠤᠭ᠎ᠠ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠡᠶᠢᠭᠡᠮᠯᠢᠭ᠂ ᠮᠠᠰᠢᠨ ᠲᠡᠷᠭᠡᠨ ᠤ ᠵᠢᠯᠣᠭᠤᠴᠢ | ᠪᠣᠯᠪᠠᠰᠤᠷᠠᠭᠤᠯᠬᠤ ᠠᠵᠢᠯ ᠲᠥᠷᠥᠯ ᠤᠨ ᠨᠡᠶᠢᠭᠡᠮᠯᠢᠭ᠂ ᠮᠠᠰᠢᠨ ᠲᠡᠷᠭᠡ ᠲᠦᠷᠢᠶᠡᠰᠦᠯᠡᠬᠦ ᠦᠶᠯᠡᠴᠢᠯᠡᠭᠡᠨ ᠤ ᠠᠵᠢᠯ | ᠲᠥᠷᠥᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | ᠡᠬᠡ ᠪᠢᠴᠢᠭ᠄ ᠲᠢᠩᠬᠢᠮ ᠤᠨ ᠠᠯᠪᠠᠨ ᠭᠡᠷ |