︽︿ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ | ᠲᠣᠭᠲᠠᠭᠠᠯ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠣᠭᠲᠠᠭᠠᠯ︾ | ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 15 ᠳ᠋ᠤᠭᠠᠷ ᠲᠣᠭᠠᠲᠤ︶ ᠤᠨ | ᠳᠥᠴᠢᠳᠦᠭᠡᠷ ᠵᠦᠢᠯ ᠤᠨ ᠲᠣᠭᠲᠠᠭᠠᠯ ᠳᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠡᠵᠡᠩᠨᠡᠯᠲᠡ ᠶᠢᠨ | ᠶᠠᠪᠤᠴᠠ ᠳᠤ᠂ ᠤᠯᠤᠰ ᠤᠨ ᠵᠢᠯᠣᠭᠤᠴᠢ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ | ᠶᠣᠰᠣ ᠮᠣᠷᠠᠯ᠂ ᠦᠢᠯᠡᠴᠢᠯᠡᠭᠡᠨ ᠤ ᠵᠢᠷᠤᠮᠵᠢᠯ᠂ ᠠᠮᠤᠷ ᠲᠦᠪᠰᠢᠨ ᠢᠶᠠᠷ ᠡᠵᠡᠩᠨᠡᠬᠦ ᠵᠡᠷᠭᠡ ᠲᠠᠯ᠎ᠠ ᠶᠢᠨ ᠬᠢᠷᠢ ᠬᠡᠮ ᠤᠨ | ᠲᠣᠭᠲᠠᠭᠠᠯ ᠢ ᠵᠢᠷᠤᠮᠯᠠᠵᠤ᠂ ᠪᠣᠯᠪᠠᠰᠤᠨ ᠢᠶᠠᠷ ᠲᠡᠷᠭᠡ ᠵᠢᠯᠣᠭᠤᠳᠬᠤ᠂ ᠴᠢᠨᠠᠷ ᠰᠠᠶᠢᠲᠠᠶ ᠦᠢᠯᠡᠴᠢᠯᠡᠬᠦ ᠬᠡᠷᠡᠭᠲᠡᠶ ᠭᠡᠵᠦ | ᠲᠣᠭᠲᠠᠭᠠᠪᠠ᠃ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠣᠤᠷᠠᠬᠢ ᠦᠢᠯᠡ ᠠᠵᠢᠯᠯᠠᠭ᠎ᠠ ᠲᠠᠢ ᠪᠠᠶᠢᠵᠤ ᠪᠣᠯᠬᠤ | ᠦᠭᠡᠶ᠄ ᠁ ︵ᠳᠥᠷᠪᠡ︶ ᠠᠶᠠᠨᠴᠢᠳ ᠤᠨ ᠵᠥᠪᠰᠢᠶᠡᠷᠡᠯ ᠦᠭᠡᠢ ᠪᠠᠷ ᠪᠤᠰᠤᠳ ᠠᠶᠠᠨᠴᠢᠳ ᠢ | ᠲᠡᠭᠡᠭᠡᠭᠰᠡᠨ︔ ᠁ ᠳᠥᠴᠢᠨ ᠬᠤᠶᠠᠳᠤᠭᠠᠷ ᠵᠦᠢᠯ ᠤᠨ ᠲᠣᠭᠲᠠᠭᠠᠯ᠂ ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠠᠷᠪᠠᠨ ᠵᠢᠷᠭᠤᠳᠤᠭᠠᠷ ᠵᠦᠢᠯ᠂ ᠳᠥᠴᠢᠳᠦᠭᠡᠷ ᠵᠦᠢᠯ ᠤᠨ ᠲᠣᠭᠲᠠᠭᠠᠯ ᠢ ᠵᠥᠷᠢᠴᠡᠭᠰᠡᠨ ᠪᠠᠶᠢᠪᠠᠯ᠂ | ᠰᠢᠶᠠᠨ ᠤ ᠱᠠᠲᠤᠨ ᠠᠴᠠ ᠳᠡᠭᠡᠭᠰᠢᠬᠢ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ 200 ᠲᠥᠭᠦᠷᠢᠭ ᠠᠴᠠ ᠳᠡᠭᠡᠭᠰᠢ 500 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ |