ᠠᠶᠠᠨᠴᠢᠳ ᠤᠨ ᠵᠥᠭᠡᠭᠡᠪᠦᠷᠢ ᠶᠢᠨ ᠬᠠᠮᠢᠶᠠᠷᠤᠯᠲᠠ᠄ ᠥᠷᠲᠡᠭᠡ ᠠᠴᠠ ᠭᠠᠷᠬᠤ ᠠᠶᠠᠨᠴᠢᠳ ᠤᠨ ᠮᠠᠰᠢᠨ ᠲᠡᠷᠭᠡ ᠶᠢᠨ ᠡᠭᠡᠯᠵᠢ ᠮᠡᠳᠡᠭᠦᠯᠬᠦ ᠭᠠᠷ ᠭᠦᠶᠴᠡᠳᠬᠡᠯ ᠤᠨ ᠪᠠᠶᠢᠴᠠᠭᠠᠯᠲᠠ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖
ᠨᠡᠶᠢᠲᠡᠯᠡᠭᠰᠡᠨ ᠴᠠᠭ᠄
2025/2/10
   ︽ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ ᠠᠶᠦᠯᠭᠦᠢ ᠦᠶᠯᠡᠳᠪᠦᠷᠢᠯᠡᠯ ᠤᠨ ᠵᠢᠷᠤᠮᠵᠢᠯ︾  ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠭᠠᠯ ﹇2019﹈ 13 ᠳ᠋ᠤᠭᠠᠷ ᠲᠣᠭᠠᠲᠤ︶᠎ ᠤᠨ ᠬᠤᠷᠢ ᠶᠢᠰᠦᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠎ ᠶᠢᠨ ᠥᠷᠲᠡᠭᠡ ᠶᠢᠨ ᠡᠵᠡᠩᠨᠡᠭᠴᠢ ᠥᠷᠲᠡᠭᠡ ᠠᠴᠠ ᠭᠠᠷᠬᠤ ᠪᠠᠶᠢᠴᠠᠭᠠᠯᠲᠠ ᠶᠢᠨ ᠲᠦᠷᠢᠮ ᠲᠣᠭᠲᠠᠭᠠᠵᠤ᠂ ᠥᠷᠲᠡᠭᠡ ᠎ ᠠᠴᠠ ᠭᠠᠷᠬᠤ ᠪᠠᠶᠢᠴᠠᠭᠠᠯᠲᠠ ᠶᠢᠨ ᠠᠵᠢᠯᠲᠠᠨ ᠲᠣᠬᠢᠷᠠᠭᠤᠯᠤᠨ᠂ ᠥᠷᠲᠡᠭᠡ ᠠᠴᠠ ᠭᠠᠷᠬᠤ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠪᠠ ᠵᠢᠯᠣᠭᠤᠴᠢ ᠶᠢᠨ ᠬᠠᠮᠢᠶ᠎ᠠ ᠪᠥᠬᠦᠶ ᠪᠠᠶᠢᠳᠠᠯ ᠢ ᠪᠠᠶᠢᠴᠠᠭᠠᠵᠤ᠂ ᠨᠥᠬᠦᠴᠡᠯ ᠳᠤ ᠨᠡᠶᠢᠴᠡᠬᠦ ᠥᠬᠡᠶ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠪᠠ ᠵᠢᠯᠣᠭᠤᠴᠢ ᠶᠢᠨ ᠥᠷᠲᠡᠭᠡ ᠠᠴᠠ ᠭᠠᠷᠴᠤ ᠡᠵᠡᠩᠨᠡᠬᠦ ᠶᠢ ᠴᠢᠩᠭ᠎ᠠ ᠴᠠᠭᠠᠵᠠᠯᠠᠨ᠎ᠠ᠃ ᠥᠷᠲᠡᠭᠡ ᠠᠴᠠ ᠭᠠᠷᠬᠤ ᠪᠠᠶᠢᠴᠠᠭᠠᠯᠲᠠ ᠳᠤ ᠭᠤᠤᠯᠳᠠᠭᠤ ᠳᠣᠤᠷᠠᠬᠢ ᠠᠭᠤᠯᠭ᠎ᠠ ᠪᠠᠭᠲᠠᠨ᠎ᠠ᠄ ︵ᠨᠢᠭᠡ︶ ᠥᠷᠲᠡᠭᠡ ᠠᠴᠠ ᠭᠠᠷᠬᠤ ᠠᠶᠠᠨᠴᠢᠳ ᠤᠨ ᠮᠠᠰᠢᠨ ᠲᠡᠷᠭᠡ ᠶᠢᠨ ᠡᠭᠡᠯᠵᠢ ᠮᠡᠳᠡᠭᠦᠯᠬᠦ ᠭᠠᠷ ᠭᠦᠶᠴᠡᠳᠬᠡᠯ ᠪᠦᠷᠢᠨ ᠭᠦᠶᠴᠡᠳ ᠪᠠᠶᠢᠬᠤ ᠡᠰᠡᠬᠦ ᠶᠢ ᠪᠠᠶᠢᠴᠠᠭᠠᠵᠤ᠂ ᠡᠵᠡᠩᠨᠡᠯᠲᠡ ᠶᠢᠨ ᠠᠶᠠᠨᠴᠢᠳ ᠎ ᠤᠨ  ᠮᠠᠰᠢᠨ ᠲᠡᠷᠭᠡ ᠶᠢᠨ ᠥᠷᠲᠡᠭᠡ ᠠᠴᠠ ᠭᠠᠷᠬᠤ ᠠᠴᠠ ᠡᠮᠦᠨᠡᠬᠢ ᠮᠠᠰᠢᠨ ᠲᠡᠷᠭᠡ ᠶᠢᠨ ᠲᠡᠷᠭᠡ ᠶᠠᠪᠤᠭᠤᠯᠬᠤ ᠦᠨᠡᠮᠯᠡᠯ᠂  ᠵᠠᠮ ᠲᠡᠭᠡᠭᠡᠪᠦᠷᠢ ᠶᠢᠨ ᠦᠨᠡᠮᠯᠡᠯ᠂ ᠠᠶᠠᠨᠴᠢᠳ ᠤᠨ ᠵᠥᠭᠡᠭᠡᠪᠦᠷᠢ ᠶᠢᠨ ᠲᠡᠮᠳᠡᠭ ᠤᠨ ᠫᠠᠶᠢᠰᠠ           ︽  ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡᠨ ᠤ ᠠᠶᠦᠯᠭᠦᠢ ᠶᠢᠨ ᠵᠤᠷᠰᠢᠯ ᠪᠠᠶᠢᠴᠠᠭᠠᠯᠲᠠ ᠶᠢᠨ ᠬᠢᠷᠢ ᠲᠡᠩᠴᠡᠭᠰᠡᠨ ᠮᠡᠳᠡᠭᠳᠡᠯ ᠤᠨ ᠬᠠᠭᠤᠳᠠᠰᠤ︾ ᠵᠡᠷᠭᠡ ᠬᠠᠭᠤᠳᠠᠰᠤ ᠦᠨᠡᠮᠯᠡᠯ ᠨᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠠᠴᠠ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠡᠰᠡᠬᠦ ᠶᠢ ᠪᠠᠲᠤᠯᠠᠨ᠎ᠠ᠃ ︵ᠬᠤᠶᠠᠷ︶ ᠡᠭᠡᠯᠵᠢ ᠪᠦᠷᠢ ᠎ ᠶᠢᠨ ᠵᠢᠯᠣᠭᠤᠴᠢ ᠶᠢᠨ ᠭᠠᠷᠳᠠᠵᠤ ᠪᠠᠶᠢᠭ᠎ᠠ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ᠂ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠢ ᠬᠢᠨᠠᠨ ᠰᠢᠯᠭᠠᠵᠤ᠂ ᠪᠠᠶᠢᠴᠠᠭᠠᠯᠲᠠ ᠬᠥᠯᠢᠶᠡᠭᠰᠡᠨ ᠵᠢᠯᠣᠭᠤᠴᠢ ᠬᠢᠭᠡᠳ ᠡᠭᠡᠯᠵᠢ ᠮᠡᠳᠡᠭᠦᠯᠦᠭᠰᠡᠨ ᠵᠢᠯᠣᠭᠤᠴᠢ ᠶᠢᠨ ᠨᠢᠭᠡᠳᠦᠯᠲᠡᠶ ᠪᠠᠶᠢᠬᠤ ᠶᠢ ᠪᠠᠲᠤᠯᠠᠨ᠎ᠠ᠃ ︵ᠭᠤᠷᠪᠠ︶ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠶᠢᠨ ᠠᠶᠠᠨᠴᠢᠳ ᠤᠨ ᠲᠤᠭ᠎ᠠ ᠶᠢ ᠲᠣᠭᠠᠯᠠᠨ ᠪᠦᠷᠢᠳᠬᠡᠵᠦ᠂ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠶᠢᠨ ᠰᠠᠭᠤᠳᠠᠯ ᠤᠨ ᠲᠤᠭ᠎ᠠ ᠠᠴᠠ ᠬᠡᠲᠦᠷᠡᠵᠦ ᠥᠷᠲᠡᠭᠡ ᠠᠴᠠ ᠭᠠᠷᠬᠤ ᠶᠢ ᠪᠠᠲᠤᠯᠠᠨ᠎ᠠ᠃ ᠬᠡᠷᠪᠡ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠶᠢᠨ ᠰᠠᠭᠤᠳᠠᠯ ᠤᠨ ᠲᠤᠭ᠎ᠠ ᠠᠴᠠ ᠬᠡᠲᠦᠷᠡᠭᠰᠡᠨ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠶ ᠳᠤ ᠨᠢ ᠬᠤᠷᠢᠭᠯᠠᠨ ᠵᠣᠭᠰᠣᠭᠠᠬᠤ ᠶᠢᠨ ᠬᠠᠮᠲᠤ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠠᠶᠠᠨᠴᠢᠳ ᠢ ᠪᠤᠰᠤᠳ ᠲᠡᠷᠭᠡᠨ ᠳᠤ ᠰᠠᠭᠤᠯᠭᠠᠨ᠎ᠠ᠃ ︵ᠳᠥᠷᠪᠡ︶ ᠠᠶᠠᠨᠴᠢᠳ ᠤᠨ ᠠᠶᠦᠯᠭᠦᠢ ᠶᠢᠨ ᠪᠦᠰᠡ ᠪᠠᠨ ᠪᠦᠰᠡᠯᠡᠭᠰᠡᠨ ᠪᠠᠶᠢᠳᠠᠯ ᠢ ᠪᠠᠶᠢᠴᠠᠭᠠᠵᠤ᠂ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠶᠢᠨ ᠥᠷᠲᠡᠭᠡᠨ ᠠᠴᠠ ᠭᠠᠷᠬᠤ ᠦᠶᠡᠰ ᠪᠦᠬᠦ ᠠᠶᠠᠨᠴᠢᠳ ᠠᠶᠦᠯᠭᠦᠢ ᠶᠢᠨ ᠪᠦᠰᠡ ᠎ ᠪᠠᠨ ᠪᠦᠰᠡᠯᠡᠭᠰᠡᠨ ᠪᠠᠶᠢᠬᠤ ᠶᠢ ᠪᠠᠲᠤᠯᠠᠨ᠎ᠠ᠃ ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ ᠡᠵᠡᠩᠨᠡᠭᠴᠢ ᠠᠴᠠ ᠡᠭᠡᠯᠵᠢ ᠮᠡᠳᠡᠭᠦᠯᠵᠦ ᠥᠷᠲᠡᠭᠡ ᠠᠴᠠ ᠭᠠᠷᠬᠤ ᠭᠤᠭᠴᠤᠭ᠎ᠠ ᠳᠤ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠬᠡᠷᠡᠭᠯᠡᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠪᠠ ᠵᠢᠯᠣᠭᠤᠴᠢ ᠶᠢᠨ ᠬᠤᠯᠪᠣᠭᠳᠠᠯ ᠪᠥᠬᠦᠶ ᠬᠠᠭᠤᠳᠠᠰᠤ ᠦᠨᠡᠮᠯᠡᠯ ᠤᠨ ᠨᠢᠭᠡᠳᠦᠯᠲᠡᠶ ᠪᠠᠶᠢᠬᠤ ᠶᠢ ᠪᠠᠶᠢᠴᠠᠭᠠᠨ ᠦᠷᠨᠢᠭᠦᠯᠬᠦ ᠶᠢ ᠵᠣᠷᠢᠭᠵᠢᠭᠤᠯᠵᠤ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠥᠷᠲᠡᠭᠡ ᠠᠴᠠ ᠭᠠᠷᠬᠤ ᠪᠠᠶᠢᠴᠠᠭᠠᠯᠲᠠ ᠳᠤ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠪᠣᠯᠤᠨ ᠵᠢᠯᠣᠭᠤᠴᠢ ᠶᠢ ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠠᠴᠠ ᠭᠠᠷᠬᠤ ᠶᠢ ᠪᠠᠶᠢᠴᠠᠭᠠᠬᠤ ᠠᠵᠢᠯᠲᠠᠨ ︽ᠥᠷᠲᠡᠭᠡ ᠎ ᠠᠴᠠ ᠭᠠᠷᠬᠤ ᠳᠠᠩᠰᠠᠯᠠᠯ ᠤᠨ ᠬᠦᠰᠦᠨᠦᠭᠲᠦ︾ ( ᠶᠠᠩᠵᠤ ᠶᠢ ᠳᠠᠭᠠᠯᠳᠤᠭᠤᠯᠤᠯ 4᠎ ᠶᠢ ᠦᠵᠡ ) ᠳᠡᠭᠡᠷ᠎ᠡ ᠲᠡᠮᠳᠡᠭᠯᠡᠬᠦ ᠶᠢᠨ ᠬᠠᠮᠲᠤ ᠪᠠᠶᠢᠴᠠᠭᠠᠯᠲᠠ ᠶᠢ ᠬᠦᠯᠢᠶᠡᠭᠰᠡᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡᠨ ᠤ ᠵᠢᠯᠣᠭᠤᠴᠢ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠶ᠃ ︽ᠥᠷᠲᠡᠭᠡ ᠠᠴᠠ ᠭᠠᠷᠬᠤ ᠳᠠᠩᠰᠠᠯᠠᠯ ᠤᠨ ᠬᠦᠰᠦᠨᠦᠭᠲᠦ︾᠎ ᠶᠢᠨ ᠬᠠᠳᠠᠭᠠᠯᠠᠬᠤ ᠬᠤᠭᠤᠴᠠᠭ᠎ᠠ ᠶᠢ 3 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号