ᠣᠶᠢᠷ᠎ᠠ ᠳᠤ᠂ ᠣᠷᠳᠣᠰ ᠬᠤᠲᠠ ᠶᠢᠨ ᠳ᠋ᠦᠩᠱᠧᠩ ᠠᠴᠠ ᠪᠠᠷᠠᠭᠤᠨ ᠵᠣᠣ ︵ᠵᠡᠭᠦᠨᠭᠠᠷ ᠵᠣᠣ︶ ᠬᠥᠷᠬᠦ ︽ᠵᠠᠮ | ᠬᠠᠷᠢᠯᠴᠠᠭ᠎ᠠ + ᠰᠣᠶᠣᠯ ᠵᠢᠭᠤᠯᠴᠢᠯᠠᠯ︾ ᠤᠨ ᠠᠭᠤᠰᠤᠯᠴᠠᠭᠰᠠᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ | ᠱᠤᠭᠤᠮ ᠨᠡᠪᠲᠡᠷᠡᠪᠡ᠃ ᠡᠭᠡᠯᠵᠢ ᠶᠢᠨ ᠱᠤᠭᠤᠮ ᠤᠨ ᠪᠥᠬᠦ ᠵᠠᠮ ᠨᠢ 82 ᠺᠢᠯᠣᠮᠧᠲᠷ ᠪᠠᠶᠢᠵᠤ᠂ 11 ᠥᠷᠲᠡᠭᠡ | ᠴᠡᠭ ᠪᠠᠶᠢᠷᠢᠯᠠᠭᠤᠯᠤᠨ᠂ ᠲᠠᠩ ᠴᠢᠭᠯᠡᠯ ᠢᠶᠠᠷ ᠪᠠᠷᠤᠭ 130 ᠮᠢᠨᠦ᠋ᠲ ᠠᠶᠠᠯᠠᠵᠤ᠂ 2 ᠳ᠋ᠤᠭᠠᠷ ᠰᠠᠷ᠎ᠠ ᠶᠢᠨ 11 ᠤ | ᠡᠳᠦᠷ ᠠᠴᠠ 3 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ ᠲᠤᠷᠰᠢᠨ ᠠᠵᠢᠯᠯᠠᠭᠤᠯᠵᠤ᠂ ᠡᠳᠦᠷ ᠪᠦᠷᠢ ᠶᠢᠨ | 6᠄ 30 — 18᠄ 00 ᠴᠠᠭ ᠤᠨ ᠬᠤᠭᠤᠷᠣᠨᠳᠣ ᠠᠶᠠᠨᠴᠢᠳ ᠲᠥᠯᠥᠪᠦᠷᠢ ᠥᠬᠡᠶ ᠪᠠᠷ ᠰᠠᠭᠤᠵᠤ ᠪᠡᠶᠡᠴᠢᠯᠡᠨ | ᠣᠶᠢᠯᠠᠭᠠᠵᠤ ᠪᠣᠯᠤᠨ᠎ᠠ᠃ | | | | ᠲᠣᠰ ᠡᠭᠡᠯᠵᠢ ᠶᠢᠨ ᠱᠤᠭᠤᠮ ᠤᠨ ᠨᠡᠪᠲᠡᠷᠡᠭᠰᠡᠨ ᠨᠢ ᠣᠯᠠᠨ ᠲᠠᠯ᠎ᠠ ᠶᠢᠨ ᠠᠴᠢ ᠬᠤᠯᠪᠣᠭᠳᠠᠯ ᠲᠠᠢ᠃ | ᠣᠯᠠᠨ ᠡᠰᠢᠲᠦ ᠭᠤᠤᠯ ᠴᠣᠭᠴᠠ ᠣᠷᠣᠯᠴᠠᠵᠤ᠂ ᠠᠵᠢᠯ ᠲᠥᠷᠥᠯ ᠠᠯᠤᠰᠯᠠᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ | ᠠᠩᠬ᠎ᠠ ᠤᠳᠠᠭ᠎ᠠ ᠵᠠᠮ ᠤᠨ ᠪᠤᠰᠤ ᠡᠵᠡᠩᠨᠡᠯᠲᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠣᠯᠠᠨ | ᠡᠰᠢᠵᠢᠭᠰᠡᠨ ᠬᠠᠩᠭᠠᠯᠭ᠎ᠠ ᠣᠯᠭᠤᠯᠵᠤ᠂ ᠵᠢᠭᠤᠯᠴᠢᠯᠠᠯ ᠤᠨ ᠳᠠᠭᠠᠭᠤᠯᠤᠨ ᠦᠵᠡᠬᠦ᠂ ᠡᠯᠧᠺᠲᠷᠣᠨ ᠬᠤᠳᠠᠯᠳᠤᠭᠠᠨ ᠤ | ᠲᠣᠬᠢᠷᠠᠭᠤᠯᠤᠨ ᠬᠦᠷᠭᠡᠬᠦ ᠵᠡᠷᠭᠡ ᠵᠦᠷᠢᠶᠡᠴᠢᠯᠡᠭᠰᠡᠨ ᠦᠶᠯᠡᠴᠢᠯᠡᠭᠡ ᠬᠠᠩᠭᠠᠵᠤ᠂ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ᠵᠠᠬᠢᠶᠠᠯᠠᠬᠤ ᠵᠠᠮ ᠱᠤᠭᠤᠮ ᠭᠠᠷᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ | ᠠᠮᠢᠳᠤᠯᠢᠭ ᠢᠶᠠᠷ ᠬᠠᠩᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠤᠲᠠ ᠬᠥᠳᠡᠭᠡ ᠶᠢᠨ ᠡᠬᠢ | ᠪᠠᠶᠠᠯᠢᠭ ᠤᠨ ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠤᠨ᠎ᠠ | ᠵᠠᠮ ᠱᠤᠭᠤᠮ ᠢ ᠨᠡᠪᠲᠡᠷᠡᠭᠦᠯᠦᠭᠰᠡᠨ ᠨᠢ ᠵᠡᠭᠦᠨᠭᠠᠷ ᠵᠣᠣ ᠪᠠᠯᠭᠠᠰᠤᠨ ᠤ 8 ᠵᠠᠰᠠᠭ ᠵᠠᠬᠢᠷᠭᠠᠨ ᠤ ᠲᠣᠰᠬᠤᠨ ᠤ 2 | ᠲᠦᠮᠡ ᠰᠢᠬᠠᠮ ᠬᠥᠮᠦᠨ ᠤ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠣᠯᠠᠨ ᠨᠡᠶᠢᠲᠡ ᠶᠢᠨ ᠦᠶᠯᠡᠴᠢᠯᠡᠭᠡᠨ | ᠤ ᠲᠡᠩᠴᠡᠭᠦᠷᠢᠰᠢᠯ ᠢ ᠠᠬᠢᠭᠤᠯᠪᠠ᠃ | | | | ᠲᠥᠷᠥ ᠶᠢᠨ ᠪᠣᠳᠣᠯᠭ᠎ᠠ ᠶᠢᠨ ᠰᠢᠨ᠎ᠡ ᠡᠭᠦᠳᠦᠯᠲᠡ ᠶᠢ ᠰᠦᠪᠡᠭᠴᠢᠯᠡᠵᠦ᠂ ᠳᠠᠭᠤᠷᠢᠶᠠᠵᠤ ᠪᠣᠯᠬᠤ ᠵᠠᠭᠪᠤᠷ ᠢ | ᠪᠦᠷᠢᠯᠳᠦᠭᠦᠯᠦᠨ᠎ᠡ | ᠵᠠᠮ ᠬᠠᠷᠢᠯᠴᠠᠭ᠎ᠠ ᠵᠢᠭᠤᠯᠴᠢᠯᠠᠯ ᠢ ᠠᠭᠤᠰᠤᠯᠴᠠᠭᠤᠯᠬᠤ ᠵᠠᠭᠪᠤᠷ ᠤᠨ ᠪᠣᠯᠤᠮᠵᠢᠲᠤ ᠴᠢᠨᠠᠷ ᠢ ᠦᠶᠯᠡᠳᠦᠯᠭᠡ ᠪᠠᠷ | ᠰᠢᠯᠭᠠᠨ ᠪᠠᠲᠤᠯᠠᠬᠤ ᠪᠠᠷ ᠳᠠᠮᠵᠢᠨ᠂ ᠪᠤᠰᠤᠳ ᠭᠠᠵᠠᠷ ᠣᠷᠣᠨ ᠳᠤ ᠳᠠᠭᠤᠷᠢᠶᠠᠵᠤ ᠪᠣᠯᠬᠤ ᠡᠵᠡᠩᠨᠡᠯᠲᠡ ᠶᠢᠨ ᠵᠠᠭᠪᠤᠷ | ᠬᠠᠩᠭᠠᠵᠤ᠂ ᠭᠠᠵᠠᠷ ᠣᠷᠣᠨ ᠤ ᠵᠠᠮ ᠬᠠᠷᠢᠯᠴᠠᠭ᠎ᠠ ᠶᠢᠨ ᠲᠣᠤᠷ ᠰᠦᠯᠵᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠳᠡᠰ ᠳᠡᠪᠰᠢᠭᠦᠯᠬᠦ ᠶᠢ ᠲᠦᠷᠭᠡᠳᠬᠡᠨ᠎ᠡ᠃ | |