ᠨᠡᠶᠢᠭᠡᠮ ᠨᠡᠶᠢᠲᠡ ᠳᠤ᠄ | ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ | ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ | ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2024 ᠣᠨ ᠤ 2 | ᠳ᠋ᠤᠭᠠᠷ ᠲᠣᠭᠠᠲᠤ᠂ ᠳᠣᠷᠣᠭᠰᠢ ︽ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢᠨ | ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2025 ᠣᠨ ᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠶᠢᠨ ᠲᠥᠯᠥᠪᠯᠡᠭᠡ ᠶᠢ | ᠳᠣᠤᠷᠠᠬᠢ ᠮᠡᠲᠦ ᠵᠠᠷᠯᠠᠶ᠎ᠠ᠄ | ᠨᠢᠬᠡ᠂ ᠰᠢᠯᠭᠠᠯᠳᠠ ᠶᠢᠨ ᠲᠦᠯᠦᠪᠯᠡᠭᠡ | 2025 ᠣᠨ ᠳᠤ 3 ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ | ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠶᠢ ᠵᠣᠬᠢᠶᠠᠨ ᠪᠠᠶᠢᠭᠤᠯᠬᠤ ᠪᠠᠷ ᠲᠥᠯᠥᠪᠯᠡᠵᠦ᠂ ᠲᠣᠰ | ᠲᠣᠰ 3 ᠳ᠋ᠤᠭᠠᠷ ᠰᠠᠷ᠎ᠠ᠂ 7 ᠳ᠋ᠤᠭᠠᠷ ᠰᠠᠷ᠎ᠠ᠂ 11 ᠳ᠋ᠦ᠋ᠭᠡᠷ ᠰᠠᠷ᠎ᠠ ᠶᠢᠨ ᠳᠤᠮᠳᠠᠴᠢ ᠪᠠ ᠬᠤᠷᠢᠳ ᠢᠶᠠᠷ | ᠳᠣᠭᠢᠷᠠᠭᠤᠯᠤᠨ᠎ᠠ᠃ ᠬᠤᠭᠤᠴᠠᠭ᠎ᠠ ᠪᠦᠷᠢ ᠶᠢᠨ ᠰᠢᠯᠭᠠᠯᠲᠠ ᠠᠴᠠ ᠡᠮᠦᠨ᠎ᠡ 30 ᠡᠳᠦᠷ ᠥᠪᠥᠷ ᠮᠣᠩᠭᠤᠯ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠰᠢᠯᠭᠠᠯᠲᠠ ᠶᠢᠨ ᠠᠯᠪᠠᠨ ᠵᠠᠷ | ᠨᠡᠶᠢᠲᠡᠯᠡᠵᠦ᠂ ᠰᠢᠯᠭᠠᠯᠲᠠ ᠭᠤᠶᠤᠴᠢᠯᠠᠬᠤ ᠴᠠᠭ᠂ ᠰᠢᠯᠭᠠᠭᠤᠯᠬᠤ ᠲᠡᠮᠳᠡᠭ ᠳᠠᠷᠤᠮᠠᠯᠯᠠᠬᠤ ᠴᠠᠭ᠂ ᠰᠢᠯᠭᠠᠯᠲᠠ ᠶᠢᠨ | ᠴᠠᠭ ᠵᠡᠷᠭᠡ ᠰᠢᠯᠭᠠᠯᠲᠠ ᠶᠢᠨ ᠶᠠᠪᠤᠳᠠᠯ ᠤᠨ ᠬᠠᠮᠢᠶ᠎ᠠ ᠪᠥᠬᠦᠶ ᠠᠭᠤᠯᠭ᠎ᠠ ᠶᠢ ᠲᠣᠳᠤᠷᠬᠠᠶᠢᠯᠠᠨ᠎ᠠ᠃ | ᠬᠤᠶᠠᠷ᠂ ᠰᠢᠯᠭᠠᠯᠲᠠ ᠶᠢᠨ ᠠᠩᠬᠠᠷᠬᠤ ᠵᠦᠢᠯ | ᠨᠡᠷ᠎ᠡ ᠮᠡᠳᠡᠭᠦᠯᠬᠦ ᠠᠷᠭ᠎ᠠ ᠮᠠᠶ᠋ᠢᠭ᠄ ᠰᠢᠯᠭᠠᠭᠤᠯᠤᠭᠴᠢ ᠶᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ ᠠᠴᠠ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠪᠠᠷᠢᠬᠤ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ ᠰᠢᠯᠭᠠᠨ ᠬᠢᠨᠠᠬᠤ | ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠨᠢᠭᠡᠳᠦᠯᠲᠡᠶ ᠨᠡᠷ᠎ᠡ ᠮᠡᠳᠡᠭᠦᠯᠦᠨ᠎ᠡ ︵ᠰᠢᠰᠲ᠋ᠧᠮ ᠤᠨ | ᠰᠦᠯᠵᠢᠶᠡᠨ ᠤ ᠬᠠᠶ᠋ᠢᠭ᠄ http://nmg.safetyams.cn︶᠃ | ᠰᠢᠯᠭᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ︵ᠬᠥᠬᠡᠬᠤᠲᠠ ᠶᠢᠨ ᠰᠢᠨ᠎ᠡ | ᠬᠤᠲᠠ ᠲᠣᠭᠤᠷᠢᠭ ᠤᠨ ᠬᠥᠯᠥᠨ ᠪᠤᠶᠢᠷ ᠬᠤᠶᠢᠲᠤ ᠵᠠᠮ ᠤᠨ 105 ᠨᠣᠮᠧᠷᠲᠤ︶᠃ | ᠰᠢᠯᠭᠠᠬᠤ ᠴᠠᠭ ᠤᠨ ᠤᠷᠳᠦ ᠪᠠ ᠬᠢᠷᠢ ᠪᠦᠳᠦᠮᠵᠢ ᠶᠢ ᠦᠨᠡᠯᠡᠨ ᠲᠤᠭᠳᠠᠭᠠᠬᠤ᠄ ᠴᠠᠭ ᠤᠨ ᠤᠷᠳᠤ ᠨᠢ 90 | ᠮᠢᠨᠦ᠋ᠲ ︵ᠤᠯᠠᠨᠳᠠ ᠰᠡᠳᠤᠪ ᠬᠠᠷᠢᠭᠤᠯᠵᠤ ᠪᠣᠯᠣᠨ᠎ᠠ︶᠃ ᠰᠢᠯᠭᠠᠯᠲᠠ ᠳᠤ ᠪᠦᠷᠢᠨ ᠬᠤᠪᠢ ᠨᠢ 100 ᠬᠤᠪᠢ᠂ | 70 ᠬᠤᠪᠢ ᠵᠢᠴᠢ ᠲᠡᠭᠦᠨ ᠠᠴᠠ ᠳᠡᠭᠡᠭᠰᠢ ᠨᠢ ᠬᠢᠷᠢ ᠲᠡᠩᠴᠡᠭᠰᠡᠨ ᠪᠣᠯᠤᠨ᠎ᠠ᠃ | ᠭᠤᠷᠪᠠ᠂ ᠰᠢᠯᠭᠠᠯᠳᠠ ᠶᠢᠨ ᠠᠭᠤᠯᠭ᠎ᠠ | ︽ᠵᠠᠮ ᠬᠠᠷᠢᠯᠴᠠᠭ᠎ᠠ ᠳᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ | ᠬᠠᠷᠢᠭᠤᠴᠠᠯᠭᠠᠳᠡᠨ᠂ ᠳᠥᠷᠦᠯ ᠵᠦᠢᠯ ᠤᠨ ᠬᠠᠷᠢᠭᠤᠴᠠᠯᠭᠠᠳᠡᠨ ᠪᠠ ᠲᠣᠰᠬᠠᠢ ᠲᠣᠰᠢᠶᠡᠯᠳᠦ ᠠᠶᠤᠯᠭᠦᠶ | ᠦᠢᠯᠡᠳᠪᠦᠷᠢᠯᠡᠯ ᠤᠨ ᠬᠠᠮᠢᠶᠡᠷᠦᠯᠳᠡ ᠶᠢᠨ ᠠᠵᠢᠯᠳᠡᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠡᠷᠦᠯᠳᠡ ᠶᠢᠨ | ᠠᠵᠢᠯᠳᠡᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠯᠳᠡ ᠶᠢᠨ ᠬᠦᠳᠦᠯᠪᠦᠷᠢ︾ ︵ᠳᠠᠭᠠᠯᠳᠣᠭᠤᠯᠥᠯ ᠳᠤ ᠦᠵᠡ︶ | ᠳᠤ ᠨᠠᠷᠢᠨ ᠦᠵᠡ᠃ | ᠳᠥᠷᠪᠡ᠂ ᠠᠩᠬᠠᠷᠬᠤ ᠵᠦᠢᠯ | ︵ᠨᠢᠭᠡ︶ ᠰᠢᠯᠭᠠᠭᠤᠯᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠤ ᠳᠠᠷᠠᠭ᠎ᠠ᠂ | ᠰᠢᠯᠭᠠᠭᠤᠯᠤᠭᠴᠢ ᠶᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ ᠰᠢᠯᠭᠠᠨ ᠬᠢᠨᠠᠬᠤ ᠬᠠᠮᠢᠶᠠᠷᠤᠯᠲᠠ ᠶᠢᠨ | ᠰᠢᠰᠲ᠋ᠧᠮ ᠢᠶᠠᠷ ᠳᠡᠮᠵᠢᠨ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ ᠭᠤᠶᠤᠴᠢᠯᠠᠯ ᠭᠠᠷᠭᠠᠵᠤ᠂ ︽ᠰᠢᠯᠭᠠᠨ | ᠬᠢᠨᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠠᠶᠤᠯᠭᠦᠶ | ᠦᠢᠯᠡᠳᠪᠦᠷᠢᠯᠡᠯ ᠤᠨ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ ᠣᠯᠭᠤᠨ᠎ᠠ᠃ | ︵ᠬᠤᠶᠠᠷ︶ ᠰᠢᠯᠭᠠᠯᠲᠠ ᠨᠢ ᠰᠦᠢᠳᠬᠡᠯ ᠬᠤᠷᠢᠶᠠᠬᠤ ᠦᠭᠡᠶ᠂ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ | ᠦᠭᠡᠶ᠂ ᠶᠠᠮᠠᠷᠪᠠ ᠰᠢᠯᠭᠠᠯᠲᠠ ᠳᠤ ᠬᠡᠷᠡᠭᠯᠡᠬᠦ ᠨᠣᠮ ᠢ ᠵᠢᠭᠠᠨ ᠲᠣᠭᠲᠠᠭᠠᠬᠤ ᠦᠭᠡᠶ᠃ | ᠲᠠᠪᠤ᠂ ᠬᠠᠷᠢᠯᠴᠠᠬᠤ ᠠᠷᠭ᠎ᠠ ᠮᠠᠶ᠋ᠢᠭ | ᠬᠠᠷᠢᠯᠴᠠᠬᠤ ᠬᠥᠮᠦᠨ᠄ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ᠂ ᠯᠢᠦ ᠰᠢᠶᠤᠤ ᠯᠸᠢ᠂ ᠬᠠᠷᠢᠯᠴᠠᠬᠤ ᠤᠲᠠᠰᠤ᠄ | 0471 - 6551886 | ᠳᠠᠭᠠᠯᠳᠤᠭᠤᠯᠤᠯ᠄ ᠠᠮ ᠬᠠᠷᠢᠯᠴᠠᠭ᠎ᠠ ᠳᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ | ᠭᠤᠤᠯ ᠬᠠᠷᠢᠭᠤᠴᠠᠯᠭᠠᠳᠡᠨ᠂ ᠳᠥᠷᠦᠯ ᠵᠦᠢᠯ ᠤᠨ ᠬᠠᠷᠢᠭᠤᠴᠠᠯᠭᠠᠳᠡᠨ ᠪᠠ ᠲᠣᠰᠬᠠᠢ ᠲᠣᠰᠢᠶᠡᠯᠳᠦ ᠠᠶᠤᠯᠭᠦᠶ | ᠦᠢᠯᠡᠳᠪᠦᠷᠢᠯᠡᠯ ᠤᠨ ᠬᠠᠮᠢᠶᠡᠷᠦᠯᠳᠡ ᠶᠢᠨ ᠠᠵᠢᠯᠳᠡᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠡᠷᠦᠯᠳᠡ ᠶᠢᠨ | ᠠᠵᠢᠯᠳᠡᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠯᠳᠡ ᠶᠢᠨ ᠬᠦᠳᠦᠯᠪᠦᠷᠢ᠂ pdf | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | 2025 ᠣᠨ ᠤ 2 ᠳ᠋ᠤᠭᠠᠷ ᠰᠠᠷ᠎ᠠ ᠶᠢᠨ 25 ᠤ ᠡᠳᠦᠷ | |