︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠪᠦᠲᠦᠭᠡᠨ ᠪᠠᠶᠢᠭᠤᠯᠤᠯᠲᠠ ᠪᠠᠷ ᠬᠦᠴᠢᠷᠳᠡᠯᠲᠡᠢ﹀ ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠥᠷᠥᠯ ᠵᠦᠢᠯ ᠢ ᠨᠤᠲᠠᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/2/27
    ᠨᠢᠭᠡ᠂ ᠲᠣᠭᠲᠠᠭᠠᠭᠰᠠᠨ ᠠᠬᠤᠶ ᠪᠠᠶᠢᠳᠠᠯ    2023 ᠣᠨ ᠤ 11 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ︽ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠲᠥᠷᠥ ᠠᠯᠪᠠᠨ ᠵᠠᠬᠢᠳᠠᠯ︹2023︺ 115 ᠳ᠋ᠤᠭᠠᠷ ᠲᠣᠭᠠᠲᠤ︶ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠤᠯᠠᠮᠵᠢᠯᠠᠨ ᠲᠠᠷᠬᠠᠭᠠᠪᠠ᠃ ︽ᠵᠢᠯᠣᠭᠤᠳᠬᠤ ᠰᠠᠨᠠᠯ︾ ᠳᠤ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠴᠥᠮ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠵᠠᠭᠪᠤᠷ ᠢᠶᠠᠷ ᠬᠡᠷᠡᠭᠵᠢᠭᠦᠯᠬᠦ ᠶᠢᠨ ᠬᠠᠮᠲᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠷᠣᠯᠴᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠵᠣᠷᠢᠭᠵᠢᠭᠤᠯᠤᠨ᠎ᠠ ᠭᠡᠵᠡᠢ᠃ ︽ᠵᠢᠯᠣᠭᠤᠳᠬᠤ ᠰᠠᠨᠠᠯ︾ ᠤᠨ ᠳᠠᠭᠠᠯᠳᠤᠭᠤᠯᠤᠯ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠷᠣᠯᠴᠠᠬᠤ ᠶᠢ ᠳᠡᠮᠵᠢᠬᠦ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠰᠢᠨ᠎ᠡ ᠪᠠᠷ ᠪᠠᠶᠢᠭᠤᠯᠬᠤ ︵ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠭᠲᠠᠨ᠎ᠠ︶ ᠲᠥᠷᠥᠯ ᠵᠦᠢᠯ ᠤᠨ ᠨᠠᠷᠢᠨ ᠬᠠᠭᠤᠳᠠᠰᠤ ︵2023 ᠣᠨ ᠤ ᠬᠡᠪᠯᠡᠯ︶︾ ︵ᠳᠣᠷᠣᠭᠰᠢ ︽ᠲᠥᠷᠥᠯ ᠵᠦᠢᠯ ᠤᠨ ᠨᠠᠷᠢᠨ ᠬᠠᠭᠤᠳᠠᠰᠤ︾ ᠭᠡᠵᠦ ᠲᠣᠪᠴᠢᠯᠠᠨ᠎ᠠ︶ ᠳᠤ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠲᠥᠷᠥᠯ ᠵᠦᠢᠯ ᠢ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰᠠᠭᠠᠷ ᠪᠡᠯᠡ ᠪᠤᠶᠤ ᠬᠤᠪᠢ ᠡᠵᠡᠮᠳᠡᠬᠦ︾ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠡᠵᠡᠯᠡᠬᠦ ᠬᠠᠷᠢᠴᠠᠯ ᠢ ᠵᠠᠷᠴᠢᠮ ᠳᠡᠭᠡᠷ᠎ᠡ ᠪᠠᠨ 35% ᠠᠴᠠ ᠳᠣᠤᠷ᠎ᠠ ᠪᠠᠶᠢᠯᠭᠠᠬᠤ ᠥᠬᠡᠶ︾ ᠵᠢᠴᠢ ︽ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠷᠣᠯᠴᠠᠬᠤ ᠶᠢ ᠳᠡᠮᠵᠢᠬᠦ︾ ᠭᠡᠵᠦ ᠭᠤᠷᠪᠠᠨ ᠲᠥᠷᠥᠯ ᠳᠤ ᠬᠤᠪᠢᠶᠠᠨ᠎ᠠ᠃ ᠡᠭᠦᠨ ᠳᠤ ︽ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠪᠦᠲᠦᠭᠡᠨ ᠪᠠᠶᠢᠭᠤᠯᠤᠯᠲᠠ ᠪᠠᠷ ᠬᠦᠴᠢᠷᠳᠡᠯᠲᠡᠢ ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠥᠷᠥᠯ ᠵᠦᠢᠯ︾ ᠢ ᠭᠤᠷᠪᠠᠳᠤᠭᠠᠷ ᠲᠥᠷᠥᠯ ᠤᠨ ᠲᠥᠷᠥᠯ ᠵᠦᠢᠯ ᠢᠶᠠᠷ ᠵᠢᠭᠰᠠᠭᠠᠪᠠ᠃    ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠵᠢᠯᠣᠭᠤᠳᠬᠤ ᠰᠠᠨᠠᠯ︾ ᠤᠨ ᠲᠤᠬᠠᠶ ᠲᠠᠶᠢᠯᠤᠮᠵᠢ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠣᠷᠣᠨ ᠨᠤᠲᠤᠭ ᠤᠨ ᠵᠠᠰᠠᠭ ᠤᠨ ᠣᠷᠳᠣᠨ ᠨᠢ ᠲᠤᠰ ᠭᠠᠵᠠᠷ ᠤᠨ ᠪᠠᠶᠢᠳᠠᠯ ᠢᠶᠠᠨ ᠦᠨᠳᠦᠰᠦᠯᠡᠨ ᠰᠦᠢᠳᠬᠡᠯ ᠬᠤᠷᠢᠶᠠᠬᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ           ︵ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠭᠲᠠᠨ᠎ᠠ︶ ᠲᠥᠷᠥᠯ ᠵᠦᠢᠯ ᠨᠢ ︽ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠪᠦᠲᠦᠭᠡᠨ ᠪᠠᠶᠢᠭᠤᠯᠤᠯᠲᠠ ᠪᠠᠷ ᠬᠦᠴᠢᠷᠳᠡᠯᠲᠡᠢ︾ ᠪᠠᠶᠢᠬᠤ ᠶᠢ ᠨᠤᠲᠠᠯᠠᠨ ᠲᠣᠭᠲᠠᠭᠠᠬᠤ ᠪᠠᠷᠢᠮᠵᠢᠶ᠎ᠠ ᠳᠤ ᠬᠠᠷᠢᠶᠠᠯᠠᠭᠳᠠᠬᠤ ᠡᠰᠡᠬᠦ ᠳᠤ ᠨᠢᠭᠡᠳᠦᠯᠲᠡᠶ ᠲᠣᠭᠲᠠᠭᠠᠯ ᠭᠠᠷᠭᠠᠬᠤ ᠶᠢᠨ ᠬᠠᠮᠲᠤ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠦᠷᠢᠶᠡᠨ ᠳᠠᠬᠢ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠪᠦᠲᠦᠭᠡᠨ ᠪᠠᠶᠢᠭᠤᠯᠤᠯᠲᠠ ᠪᠠᠷ ᠬᠦᠴᠢᠷᠳᠡᠯᠲᠡᠢ﹀ ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠥᠷᠥᠯ ᠵᠦᠢᠯ ᠢ ᠨᠣᠲᠠᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠨᠤᠲᠠᠯᠠᠨ ᠲᠣᠭᠲᠠᠭᠠᠬᠤ ᠪᠠᠷᠢᠮᠵᠢᠶ᠎ᠠ︾ ᠭᠡᠵᠦ ᠲᠣᠪᠴᠢᠯᠠᠨ᠎ᠠ︶ ᠶᠢ ᠲᠤᠭᠤᠷᠪᠢᠪᠠ᠃    ᠬᠤᠶᠠᠷ᠂ ᠲᠣᠭᠲᠠᠭᠠᠭᠰᠠᠨ ᠶᠠᠪᠤᠴᠠ    ︵ᠨᠢᠭᠡ︶ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ ᠲᠤᠬᠠᠢ ᠨᠣᠲᠠᠯᠠᠨ ᠲᠣᠭᠲᠠᠭᠠᠬᠤ ᠨᠥᠬᠦᠴᠡᠯ    ︽ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ︾ ᠭᠡᠳᠡᠭ ᠨᠢ ᠨᠡᠶᠢᠭᠡᠮ ᠤᠨ ᠬᠥᠷᠥᠩᠭᠡ ᠪᠡᠯᠡ ᠮᠥᠩᠭᠦ ᠴᠤᠭᠯᠠᠭᠤᠯᠬᠤ ᠴᠢᠳᠠᠪᠤᠷᠢ ᠳᠤ ᠱᠠᠭᠠᠷᠳᠠᠯᠭ᠎ᠠ ᠳᠤᠷᠠᠳᠤᠭᠰᠠᠨ ᠶᠠᠪᠤᠳᠠᠯ ᠪᠣᠯᠤᠨ᠎ᠠ᠃ ︽ᠨᠣᠲᠠᠯᠠᠨ ᠲᠣᠭᠲᠠᠭᠠᠬᠤ ᠪᠠᠷᠢᠮᠵᠢᠶ᠎ᠠ︾ ᠨᠢ ᠮᠠᠨ ᠤ ᠣᠷᠣᠨ ᠤ ᠪᠠᠶᠢᠭᠤᠯᠬᠤ ᠪᠠᠷ ᠪᠠᠶᠢᠭ᠎ᠠ ᠪᠠ ᠲᠥᠯᠥᠪᠵᠢᠭᠦᠯᠦᠭᠰᠡᠨ 44 ᠲᠥᠷᠥᠯ ᠵᠦᠢᠯ ᠢ ᠭᠤᠤᠯᠳᠠᠯᠭ᠎ᠠ ᠲᠠᠢ ᠡᠮᠬᠢᠯᠡᠨ ᠲᠢᠭᠯᠡᠪᠡ᠂ ᠡᠭᠦᠨ ᠳᠤ᠄ 40 ᠳ᠋ᠦᠩᠰᠢᠭᠤᠷ ᠲᠥᠭᠦᠷᠢᠭ ᠠᠴᠠ ᠳᠡᠭᠡᠭᠰᠢ 12 ᠪᠠᠶᠢᠵᠤ᠂ 27.3% ᠶᠢ ᠡᠵᠡᠯᠡᠨ᠎ᠡ︔ 30 ᠳ᠋ᠦᠩᠰᠢᠭᠤᠷ ᠲᠥᠭᠦᠷᠢᠭ ᠠᠴᠠ ᠳᠡᠭᠡᠭᠰᠢ 22 ᠪᠠᠶᠢᠵᠤ᠂ 50% ᠶᠢ ᠡᠵᠡᠯᠡᠨ᠎ᠡ︔ 20 ᠳ᠋ᠦᠩᠰᠢᠭᠤᠷ ᠲᠥᠭᠦᠷᠢᠭ ᠠᠴᠠ ᠳᠡᠭᠡᠭᠰᠢ 32 ᠪᠠᠶᠢᠵᠤ᠂ 72.7% ᠶᠢ ᠡᠵᠡᠯᠡᠨ᠎ᠡ᠃    ︽ᠵᠢᠯᠣᠭᠤᠳᠬᠤ ᠰᠠᠨᠠᠯ︾ ᠵᠢᠴᠢ ᠲᠡᠭᠦᠨ ᠤ ᠳᠦᠬᠦᠷ ᠪᠢᠴᠢᠭ ᠮᠠᠲ᠋ᠧᠷᠢᠶᠠᠯ᠂ ᠥᠷᠭᠡᠨ ᠢᠶᠠᠷ ᠪᠠᠶᠢᠴᠠᠭᠠᠨ ᠰᠤᠳᠤᠯᠤᠯᠲᠠ ᠬᠢᠬᠦ ᠪᠠ ᠰᠠᠨᠠᠯ ᠬᠤᠷᠢᠶᠠᠬᠤ ᠪᠠᠷ ᠳᠠᠮᠵᠢᠭᠤᠯᠤᠨ᠂ ᠪᠠᠷᠢᠮᠵᠢᠶ᠎ᠠ ᠳᠣᠣᠷ᠎ᠠ ᠨᠢ ︽ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠲᠠᠢ ᠨᠡᠶᠢᠴᠡᠬᠦ ᠦᠭᠡᠢ ᠪᠠᠶᠢᠬᠤ ᠂ ᠪᠠᠷᠢᠮᠵᠢᠶ᠎ᠠ ᠥᠨᠳᠥᠷ ᠨᠢ ᠵᠠᠷᠢᠮ ᠲᠥᠷᠥᠯ ᠵᠦᠢᠯ ᠤᠨ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠵᠠᠭᠪᠤᠷ ᠢᠶᠠᠷ ᠪᠦᠲᠦᠭᠡᠨ ᠪᠠᠶᠢᠭᠤᠯᠬᠤ ᠪᠣᠯᠣᠮᠵᠢ ᠶᠢ ᠪᠠᠭᠤᠷᠠᠭᠤᠯᠵᠤ ᠮᠡᠳᠡᠬᠦ ᠶᠢᠨ ᠬᠠᠮᠲᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠷᠥᠩᠭᠡ ᠮᠥᠩᠭᠦ ᠶᠢᠨ ᠪᠡᠯᠡ ᠭᠠᠷᠭᠠᠬᠤ ᠳᠠᠷᠤᠯᠲᠠ ᠶᠢ ᠨᠡᠮᠡᠭᠳᠡᠭᠦᠯᠬᠦ ᠶᠢ  ᠪᠣᠳᠤᠯᠬᠢᠯᠠᠨ᠎ᠠ᠃ ᠡᠶᠢᠮᠦ ᠠᠴᠠ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢᠨ ᠬᠠᠮᠲᠤ ᠪᠤᠰᠤᠳ ᠮᠤᠵᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠶᠡᠷᠦᠩᠬᠡᠶ ᠪᠡᠯᠡ ᠣᠷᠣᠭᠤᠯᠤᠯᠲᠠ ᠨᠢ 30 ᠳ᠋ᠦᠩᠰᠢᠭᠤᠷ ᠵᠢᠴᠢ ᠲᠡᠭᠦᠨ ᠠᠴᠠ ᠳᠡᠭᠡᠭᠰᠢ ᠶᠢ ᠨᠢ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ ᠶᠢᠨ ᠨᠣᠲᠠᠯᠠᠨ ᠲᠣᠭᠲᠠᠭᠠᠬᠤ ᠨᠥᠬᠦᠴᠡᠯ ᠪᠣᠯᠭᠠᠨ᠎ᠠ᠃    ︵ᠬᠤᠶᠠᠷ︶ ᠪᠦᠲᠦᠭᠡᠨ ᠪᠠᠶᠢᠭᠤᠯᠤᠯᠲᠠ ᠪᠠᠷ ᠬᠦᠴᠢᠷᠳᠡᠯᠲᠡᠢ ᠲᠤᠬᠠᠢ ᠨᠣᠲᠠᠯᠠᠨ ᠲᠤᠭᠳᠠᠭᠠᠬᠤ ᠨᠦᠬᠦᠴᠡᠯ    ᠪᠦᠲᠦᠭᠡᠨ ᠪᠠᠶᠢᠭᠤᠯᠤᠯᠲᠠ ᠶᠢᠨ ᠬᠦᠴᠢᠷᠳᠡᠯ ᠢ ᠨᠢ ᠶᠡᠷᠦ ᠳᠤ ᠪᠠᠨ ᠬᠥᠭᠦᠷᠭᠡ᠂ ᠨᠦᠬᠡᠨ ᠵᠠᠮ ᠵᠡᠷᠭᠡ ᠡᠵᠡᠮᠳᠡᠯ ᠤᠨ ᠴᠢᠨᠠᠷᠲᠠᠶ ᠪᠠᠷᠢᠯᠭ᠎ᠠ ᠪᠠᠷ ᠲᠣᠭᠲᠠᠭᠠᠵᠤ᠂ ᠪᠦᠲᠦᠭᠡᠨ ᠪᠠᠶᠢᠭᠤᠯᠬᠤ ᠬᠦᠴᠢᠷᠳᠡᠯ ᠢ ᠨᠢ ᠭᠤᠤᠯᠳᠠᠭᠤ ᠬᠥᠭᠦᠷᠭᠡ ᠨᠦᠬᠡᠨ ᠵᠠᠮ ᠤᠨ ᠳᠡᠰ᠂ ᠲᠥᠷᠥᠯ ᠬᠡᠯᠪᠡᠷᠢ᠂ ᠭᠠᠵᠠᠷ ᠰᠢᠨᠵᠢᠯᠡᠭᠡᠨ ᠤ ᠨᠥᠬᠦᠴᠡᠯ ᠵᠡᠷᠭᠡ ᠲᠠᠢ ᠬᠤᠯᠪᠣᠭᠳᠠᠨ᠎ᠠ᠃ ︽ᠵᠠᠰᠠᠮᠠᠯ ᠵᠠᠮ ᠤᠨ ᠢᠨᠵᠧᠨᠧᠷᠢᠩ ᠤᠨ ᠮᠡᠷᠭᠡᠵᠢᠯ ᠤᠨ ᠪᠠᠷᠢᠮᠵᠢᠶ᠎ᠠ︾ ︵JTG B01 - 2014︶ ᠶᠢ ᠦᠨᠳᠦᠰᠦᠯᠡᠪᠡᠯ᠂ ᠵᠠᠰᠠᠮᠠᠯ ᠵᠠᠮ ᠤᠨ ᠬᠥᠭᠦᠷᠭᠡ ᠶᠢᠨ ᠣᠯᠠᠨ ᠨᠦᠬᠡᠲᠦ ᠠᠯᠭᠠᠰᠠᠯ ᠤᠨ ᠪᠥᠬᠦ ᠣᠷᠳᠣ ᠨᠢ 1000 ᠮᠧᠲᠷ ᠠᠴᠠ ᠳᠡᠭᠡᠭᠰᠢ ᠪᠤᠶᠤ ᠲᠠᠩ ᠨᠦᠬᠡᠲᠦ ᠠᠯᠭᠠᠰᠠᠯ ᠨᠢ 150 ᠮᠧᠲᠷ ᠠᠴᠠ ᠶᠡᠭᠡ ᠪᠠᠶᠢᠬᠤ ᠪᠣᠯ ᠣᠨᠴᠠ ᠶᠡᠭᠡ ᠬᠥᠭᠦᠷᠭᠡ᠂ ᠨᠦᠬᠡᠨ ᠵᠠᠮ ᠤᠨ ᠣᠷᠳᠣ ᠨᠢ 1000 ᠮᠧᠲᠷ ᠠᠴᠠ ᠳᠡᠭᠡᠭᠰᠢ ᠪᠣᠯ ᠣᠷᠳᠣ ᠨᠦᠬᠡᠨ ᠵᠠᠮ ᠪᠣᠯᠤᠨ᠎ᠠ᠃ ᠡᠮᠬᠢᠯᠡᠨ ᠳᠢᠭᠯᠡᠭᠰᠡᠨ 44 ᠲᠥᠷᠥᠯ ᠵᠦᠢᠯ ᠤᠨ ᠳᠣᠲᠣᠷ᠎ᠠ᠂ ᠣᠨᠴᠠ ᠶᠡᠭᠡ ᠬᠥᠭᠦᠷᠭᠡ ᠶᠢ ᠪᠠᠭᠲᠠᠭᠠᠭᠰᠠᠨ ᠲᠥᠷᠥᠯ ᠵᠦᠢᠯ 15 ᠪᠠᠶᠢᠵᠤ᠂ 34% ᠶᠢ ᠡᠵᠡᠯᠡᠪᠡ᠃ ᠤᠷᠲᠤ ᠨᠦᠬᠡᠨ ᠵᠠᠮ ᠢ ᠪᠠᠭᠲᠠᠭᠠᠭᠰᠠᠨ ᠲᠥᠷᠥᠯ ᠵᠦᠢᠯ 4 ᠪᠠᠶᠢᠵᠤ᠂ ᠪᠦᠬᠦ ᠬᠠᠷᠢᠴᠠᠯ ᠨᠢ 9.1% ᠶᠢ ᠡᠵᠡᠯᠡᠨ᠎ᠡ᠃    ᠡᠶᠢᠮᠦ ᠠᠴᠠ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠪᠠᠶᠢᠴᠠ ᠶᠢᠨ ᠨᠥᠬᠦᠴᠡᠯ ᠲᠠᠢ ᠤᠶᠠᠯᠳᠤᠭᠤᠯᠤᠨ᠂ ᠪᠤᠰᠤᠳ ᠮᠤᠵᠢ ᠬᠤᠲᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠣᠨᠴᠠ ᠶᠡᠭᠡ ᠬᠥᠭᠦᠷᠭᠡ ᠶᠢᠨ ᠲᠥᠷᠥᠯ ᠵᠦᠢᠯ ᠪᠤᠶᠤ ᠤᠷᠲᠤ ᠨᠦᠬᠡᠨ ᠵᠠᠮ ᠢ ᠪᠠᠭᠲᠠᠭᠠᠭᠰᠠᠨ ᠲᠥᠷᠥᠯ ᠵᠦᠢᠯ ᠢ ᠪᠦᠲᠦᠭᠡᠨ ᠪᠠᠶᠢᠭᠤᠯᠤᠯᠲᠠ ᠪᠠᠷ ᠬᠦᠴᠢᠷᠳᠡᠯᠲᠡᠢ ᠶᠢᠨ ᠪᠠᠷᠢᠮᠵᠢᠶ᠎ᠠ ᠪᠠᠷ ᠨᠣᠲᠠᠯᠠᠨ ᠲᠣᠭᠲᠠᠭᠠᠨ᠎ᠠ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号