ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ | 2019 ᠣᠨ ᠳᠤ ᠮᠠᠨ ᠤ ᠲᠢᠩᠬᠢᠮ ᠠᠴᠠ ᠳᠠᠷᠤᠮᠠᠯᠯᠠᠨ ᠶᠠᠪᠤᠭᠤᠯᠤᠭᠰᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠦᠯᠭᠦᠢ ᠦᠶᠯᠡᠳᠪᠦᠷᠢᠯᠡᠯ | ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ | ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ︾ ︽ᠥᠪᠥᠷ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | ᠲᠠᠷᠬᠠᠭᠠᠭᠰᠠᠨ ﹇2019﹈ 659 ᠳ᠋ᠦ᠋ᠭᠡᠷ ᠲᠣᠭᠠᠲᠤ︶ ᠨᠢ ᠬᠤᠭᠤᠴᠠᠭ᠎ᠠ ᠨᠢ ᠥᠩᠭᠡᠷᠡᠭᠡᠳ ᠬᠦᠴᠦᠨ ᠥᠬᠡᠶ | ᠪᠣᠯᠵᠤ᠂ ᠣᠳᠣᠬᠠᠨ ᠤ ᠠᠵᠢᠯ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠥᠬᠡᠶ ᠪᠣᠯᠪᠠ︔ 2024 ᠣᠨ ᠳᠤ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠡᠭᠦᠷᠭᠡ ᠬᠠᠷᠢᠭᠤᠴᠠᠯᠭ᠎ᠠ ᠪᠠ | ᠪᠠᠶᠢᠭᠤᠯᠤᠮᠵᠢ ᠶᠢᠨ ᠣᠷᠣᠨ ᠲᠤᠭ᠎ᠠ ᠳᠤ ᠲᠣᠬᠢᠷᠠᠭᠤᠯᠤᠯᠲᠠ ᠬᠢᠵᠦ᠂ ᠮᠠᠨ ᠤ ᠲᠢᠩᠬᠢᠮ ᠳᠤ ᠬᠠᠷᠢᠭᠤᠴᠠᠬᠤ ᠡᠷᠬᠡ | ᠮᠡᠳᠡᠯ ᠤᠨ ᠳᠣᠲᠣᠷᠠᠬᠢ ᠣᠷᠣᠨ ᠨᠤᠲᠤᠭ ᠤᠨ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠢᠯ | ᠲᠥᠷᠥᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠨᠡᠮᠡᠭᠳᠡᠵᠦ᠂ ᠪᠥᠬᠦ ᠣᠷᠣᠨ ᠤ | ᠡᠷᠬᠡ ᠮᠡᠳᠡᠯ ᠤᠨ ᠳᠣᠲᠣᠷᠠᠬᠢ ᠣᠷᠣᠨ ᠨᠤᠲᠤᠭ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ᠂ ᠠᠵᠢᠯ ᠲᠥᠷᠥᠯ | ᠤᠨ ᠠᠶᠦᠯᠭᠦᠢ ᠦᠶᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠠᠵᠢᠯ ᠳᠤ ᠬᠢᠨᠠᠯᠲᠠ | ᠳᠡᠯᠪᠢᠨ ᠵᠢᠯᠣᠭᠤᠳᠴᠤ᠂ ᠡᠷᠬᠡ ᠮᠡᠳᠡᠯ ᠤᠨ ᠳᠣᠲᠣᠷᠠᠬᠢ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ | ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠳᠡᠯᠪᠢᠨ ᠵᠢᠯᠣᠭᠤᠳᠤᠨ᠎ᠠ᠃ ᠲᠤᠰᠬᠠᠶ | ᠮᠡᠷᠭᠡᠵᠢᠯᠲᠡᠨ ᠤ ᠰᠢᠶᠳᠪᠦᠷᠢᠲᠦ ᠪᠣᠳᠣᠯᠭ᠎ᠠ ᠶᠢᠨ ᠠᠰᠠᠭᠤᠨ ᠯᠠᠪᠯᠠᠯᠲᠠ ᠪᠠ ᠮᠡᠷᠭᠡᠵᠢᠯ ᠤᠨ ᠲᠤᠯᠭᠠᠭᠤᠷᠢᠯᠠᠯ ᠤᠨ | ᠦᠶᠯᠡᠳᠦᠯ ᠢ ᠭᠦᠶᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠦᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠵᠢᠯ ᠲᠥᠷᠥᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠴᠢᠩᠭᠠᠳᠬᠠᠵᠤ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠦᠨᠳᠦᠰᠦ ᠠᠴᠠ ᠨᠢ | ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ | ᠳᠠᠭᠢᠵᠤ ᠵᠠᠰᠠᠪᠤᠷᠢ ᠣᠷᠣᠭᠤᠯᠬᠤ ᠴᠢᠬᠤᠯᠠᠲᠠᠶ ᠪᠣᠯᠪᠠ᠃ | ᠬᠤᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠦᠯᠭᠦᠢ ᠦᠢᠯᠡᠳᠪᠦᠷᠢᠯᠡᠯ ᠤᠨ ᠳᠦᠷᠢᠮ︾ ᠪᠣᠯᠤᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ | ᠠᠶᠦᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ︾ ᠵᠡᠷᠭᠡ ᠶᠢ ᠦᠨᠳᠦᠰᠦᠯᠡᠪᠡ᠃ | ᠭᠤᠷᠪᠠ᠂ ᠵᠠᠰᠠᠪᠤᠷᠢ ᠣᠷᠣᠭᠤᠯᠤᠭᠰᠠᠨ ᠶᠠᠪᠤᠴᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ | ᠶᠢᠨ ᠲᠢᠩᠬᠢᠮ ᠤᠨ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ︾ ᠪᠣᠯᠤᠨ ᠱᠠᠨ ᠰᠢ ᠮᠤᠵᠢ᠂ ᠱᠠᠨᠰᠢ | ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠣᠭᠲᠠᠭᠠᠭᠰᠠᠨ ᠲᠤᠰᠬᠠᠶ ᠮᠡᠷᠭᠡᠵᠢᠯᠲᠡᠨ ᠤ | ᠬᠠᠮᠢᠶᠠᠷᠤᠯᠲᠠ ᠶᠢᠨ ᠠᠷᠭ᠎ᠠ ᠶᠢᠨ ᠲᠤᠷᠰᠢᠯᠭ᠎ᠠ ᠪᠠ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ᠂ ᠲᠢᠩᠬᠢᠮ ᠤᠨ | ᠠᠶᠦᠯᠬᠦᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠦᠷᠦᠭᠦᠯᠡᠨ ᠵᠠᠰᠠᠪᠤᠷᠢ ᠣᠷᠣᠭᠤᠯᠵᠤ᠂ ᠡᠨᠡ ᠬᠦ | ᠰᠠᠭᠤᠷᠢᠨ ᠳᠡᠭᠡᠷ᠎ᠡ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠤᠨ ᠰᠠᠨᠠᠯ ᠢ 2 ᠤᠳᠠᠭ᠎ᠠ ᠬᠤᠷᠢᠶᠠᠵᠤ᠂ | ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠵᠢᠴᠢ ᠨᠡᠶᠢᠭᠡᠮ ᠨᠡᠶᠢᠲᠡ ᠶᠢᠨ ᠰᠠᠨᠠᠯ ᠢ 1 ᠤᠳᠠᠭ᠎ᠠ ᠬᠤᠷᠢᠶᠠᠵᠤ᠂ ᠨᠡᠶᠢᠲᠡ 6 ᠵᠤᠷᠪᠤᠰ ᠬᠦᠴᠦᠨ | ᠪᠥᠬᠦᠶ ᠰᠠᠨᠠᠯ ᠢ ᠭᠥᠯᠢᠶᠡᠨ ᠠᠪᠴᠤ᠂ ᠴᠥᠮ ᠬᠡᠷᠡᠭᠯᠡᠵᠡᠢ︔ ᠲᠤᠰᠬᠠᠶ ᠮᠡᠷᠭᠡᠵᠢᠯᠲᠡᠨ ᠤ ᠦᠨᠡᠯᠡᠨ ᠬᠢᠨᠠᠬᠤ ᠬᠤᠷᠠᠯ ᠢ | ᠵᠣᠬᠢᠶᠠᠨ ᠪᠠᠶᠢᠭᠤᠯᠵᠤ᠂ 3 ᠵᠤᠷᠪᠤᠰ ᠰᠠᠨᠠᠯ ᠢ ᠴᠥᠮ ᠬᠦᠯᠢᠶᠡᠨ ᠠᠪᠴᠤ ᠬᠡᠷᠡᠭᠯᠡᠪᠡ︔ ᠬᠠᠤᠯᠢ ᠶᠣᠰᠣᠴᠢ ᠴᠢᠨᠠᠷ ᠤᠨ | ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠬᠤᠪᠢᠳᠠᠨ ᠬᠠᠮᠢᠶᠠᠷᠬᠤ ᠲᠢᠩᠬᠢᠮ ᠤᠨ ᠤᠳᠤᠷᠢᠳᠤᠯᠭ᠎ᠠ ᠠᠴᠠ ᠲᠤᠰᠬᠠᠶ | ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠰᠤᠳᠤᠯᠵᠤ᠂ ᠳᠤᠷᠠᠳᠤᠭᠰᠠᠨ 4 ᠵᠤᠷᠪᠤᠰ ᠰᠠᠨᠠᠯ ᠢ ᠴᠥᠮ ᠭᠥᠯᠢᠶᠡᠨ | ᠠᠪᠴᠤ ᠬᠡᠷᠡᠭᠯᠡᠨ᠂ ᠬᠠᠮᠤᠭ ᠡᠴᠦᠰ ᠲᠤ ᠪᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠦᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ ︵ᠬᠢᠨᠠᠨ ᠵᠥᠪᠯᠡᠬᠦ ᠨᠣᠤᠷᠠᠭ︶︾ | ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠪᠦᠷᠢᠯᠳᠦᠭᠦᠯᠪᠡ᠃ | ᠳᠥᠷᠪᠡ᠂ ᠭᠤᠤᠯ ᠠᠭᠤᠯᠭ᠎ᠠ ᠪᠠ ᠵᠠᠰᠠᠪᠤᠷᠢ ᠣᠷᠣᠭᠤᠯᠤᠭᠰᠠᠨ ᠭᠤᠤᠯᠳᠠᠯᠭ᠎ᠠ | ︽ᠠᠷᠭ᠎ᠠ︾ ᠳᠤ ᠶᠡᠷᠦᠩᠬᠡᠶ ᠲᠦᠷᠢᠮ᠂ ᠲᠤᠰᠬᠠᠶ ᠮᠡᠷᠭᠡᠵᠢᠯᠲᠡᠨ ᠢ ᠰᠣᠩᠭᠤᠨ ᠤᠷᠢᠬᠤ᠂ ᠲᠤᠰᠬᠠᠶ | ᠮᠡᠷᠭᠡᠵᠢᠯᠲᠡᠨ ᠤ ᠡᠭᠦᠷᠭᠡ᠂ ᠡᠷᠬᠡ ᠪᠠ ᠠᠵᠢᠯ ᠤᠨ ᠲᠦᠷᠢᠮ᠂ ᠲᠣᠮᠢᠯᠠᠬᠤ ᠪᠠ ᠬᠡᠷᠡᠭᠯᠡᠬᠦ᠂ ᠲᠤᠰᠬᠠᠶ ᠮᠡᠷᠭᠡᠵᠢᠯᠲᠡᠨ ᠤ | ᠬᠠᠮᠢᠶᠠᠷᠤᠯᠲᠠ᠂ ᠵᠠᠷᠤᠳᠠᠯ ᠪᠠ ᠪᠠᠲᠤᠯᠠᠭ᠎ᠠ᠂ ᠳᠠᠭᠠᠯᠳᠤᠭᠤᠯᠤᠯ ᠲᠦᠷᠢᠮ ᠪᠠ ᠳᠠᠭᠠᠯᠳᠤᠭᠤᠯᠤᠯ ᠵᠡᠷᠭᠡ 8 ᠬᠡᠰᠡᠭ᠂ | 23 ᠵᠦᠶᠯ ᠪᠠᠭᠲᠠᠨ᠎ᠠ᠃ ᠤᠤᠯ ᠤᠨ ︽ᠠᠷᠭ᠎ᠠ︾ ᠲᠠᠢ ᠬᠠᠷᠢᠴᠠᠭᠤᠯᠪᠠᠯ ᠭᠤᠤᠯᠳᠠᠭᠤ ᠳᠣᠤᠷᠠᠬᠢ ᠮᠡᠲᠦ ᠠᠭᠤᠯᠭ᠎ᠠ | ᠳᠤ ᠵᠠᠰᠠᠪᠤᠷᠢ ᠣᠷᠣᠭᠤᠯᠪᠠ᠄ ᠨᠢᠭᠡ ᠳᠤ᠂ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠲᠡᠮᠦᠷ ᠵᠠᠮ | ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠢ ᠨᠡᠮᠡᠭᠳᠡᠭᠦᠯᠪᠡ︔ ᠬᠤᠶᠠᠷ ᠲᠤ᠂ | ᠲᠤᠰᠬᠠᠶ ᠮᠡᠷᠭᠡᠵᠢᠯᠲᠡᠨ ᠰᠣᠩᠭᠤᠨ ᠤᠷᠢᠬᠤ ᠨᠥᠬᠦᠴᠡᠯ ᠢ ᠳᠡᠭᠡᠭᠰᠢᠯᠡᠭᠦᠯᠵᠦ᠂ ᠲᠤᠰᠬᠠᠶ ᠮᠡᠷᠭᠡᠵᠢᠯᠲᠡᠨ ᠰᠣᠩᠭᠤᠨ | ᠤᠷᠢᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠪᠠᠲᠤᠯᠠᠨ᠎ᠠ︔ ᠭᠤᠷᠪᠠ ᠳᠤ᠂ ᠲᠤᠰᠬᠠᠶ ᠮᠡᠷᠭᠡᠵᠢᠯᠲᠡᠨ ᠢ | ᠰᠣᠩᠭᠤᠨ ᠤᠷᠢᠬᠤ ᠲᠠᠰ ᠳᠠᠷᠠᠭᠠᠯᠠᠯ᠂ ᠲᠤᠰᠬᠠᠶ ᠮᠡᠷᠭᠡᠵᠢᠯᠲᠡᠨ ᠤ ᠵᠠᠷᠤᠳᠠᠯ ᠢ ᠬᠡᠷᠡᠭᠵᠢᠭᠦᠯᠬᠦ ᠪᠠᠷᠢᠮᠵᠢᠶ᠎ᠠ ᠵᠢᠴᠢ | ᠲᠤᠰᠬᠠᠶ ᠮᠡᠷᠭᠡᠵᠢᠯᠲᠡᠨ ᠤ ᠵᠠᠷᠤᠳᠠᠯ ᠢ ᠡᠳ᠋ᠯᠡᠬᠦ ᠬᠥᠮᠦᠰ ᠤᠨ ᠬᠡᠪᠴᠢᠶ᠎ᠡ ᠶᠢ ᠲᠣᠭᠲᠠᠭᠠᠵᠤ᠂ ᠲᠤᠰᠬᠠᠶ ᠮᠡᠷᠭᠡᠵᠢᠯᠲᠡᠨ ᠢ | ᠬᠡᠷᠡᠭᠯᠡᠭᠰᠡᠨ ᠪᠣᠳᠠᠲᠠᠶ ᠪᠠᠶᠢᠳᠠᠯ ᠢ ᠨᠠᠩ ᠲᠣᠳᠣᠷᠬᠠᠶ ᠪᠣᠯᠭᠠᠪᠠ︔ ᠳᠥᠷᠪᠡ ᠳᠤ᠂ ᠲᠤᠰᠬᠠᠶ ᠮᠡᠷᠭᠡᠵᠢᠯᠲᠡᠨ ᠤ ᠡᠳ᠋ᠯᠡᠬᠦ | ᠡᠷᠬᠡ᠂ ᠵᠢᠷᠤᠮᠯᠠᠬᠤ ᠵᠠᠷᠴᠢᠮ᠂ ᠨᠠᠵᠠᠭᠠᠶ ᠲᠠᠯ᠎ᠠ ᠶᠢᠨ ᠨᠠᠷᠢᠨ ᠲᠠᠩᠰᠠ ᠵᠡᠷᠭᠡ ᠠᠭᠤᠯᠭ᠎ᠠ ᠶᠢ ᠨᠡᠮᠡᠭᠳᠡᠭᠦᠯᠵᠦ᠂ | ︽ᠠᠷᠭ᠎ᠠ︾ ᠶᠢ ᠨᠠᠩ ᠪᠦᠷᠢᠨ ᠲᠡᠭᠦᠯᠳᠡᠷ ᠪᠣᠯᠭᠠᠪᠠ︔ ᠲᠤᠰᠬᠠᠶ ᠮᠡᠷᠭᠡᠵᠢᠯᠲᠡᠨ ᠢ ᠤᠷᠢᠬᠤ ᠬᠢᠨᠠᠨ ᠵᠥᠪᠰᠢᠶᠡᠷᠡᠬᠦ | ᠬᠦᠰᠦᠨᠦᠭᠲᠦ᠂ ᠲᠠᠨᠢᠯᠴᠠᠭᠤᠯᠭ᠎ᠠ ᠶᠢᠨ ᠬᠤᠷᠢᠶᠠᠩᠭᠤᠶᠢᠯᠠᠭᠰᠠᠨ ᠬᠦᠰᠦᠨᠦᠭᠲᠦ ︵ᠠᠩᠬ᠎ᠠ ᠬᠢᠨᠠᠯᠲᠠ ᠶᠢᠨ︶᠂ | ᠲᠠᠨᠢᠯᠴᠠᠭᠤᠯᠭ᠎ᠠ ᠶᠢᠨ ᠬᠤᠷᠢᠶᠠᠩᠭᠤᠶᠢᠯᠠᠭᠰᠠᠨ ᠬᠦᠰᠦᠨᠦᠭᠲᠦ ︵ᠳᠠᠬᠢᠨ ᠬᠢᠨᠠᠯᠲᠠ ᠶᠢᠨ︶ ᠶᠢ ᠨᠡᠮᠡᠵᠦ᠂ ᠲᠤᠰᠬᠠᠶ | ᠮᠡᠷᠭᠡᠵᠢᠯᠲᠡᠨ ᠤ ᠭᠤᠶᠤᠴᠢᠯᠠᠬᠤ ᠬᠦᠰᠦᠨᠦᠭᠲᠦ ᠶᠢ ᠲᠡᠭᠦᠯᠳᠡᠷᠵᠢᠭᠦᠯᠦᠨ᠂ ᠲᠤᠰᠬᠠᠶ ᠮᠡᠷᠭᠡᠵᠢᠯᠲᠡᠨ ᠬᠡᠷᠡᠭᠯᠡᠬᠦ ᠳᠤ ᠨᠠᠩ | ᠵᠢᠷᠤᠮᠵᠢᠭᠤᠨ ᠪᠣᠯᠭᠠᠪᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠠᠶᠦᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ | ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ | |