2025 ᠣᠨ ᠤ 2 ᠳ᠋ᠤᠭᠠᠷ ᠬᠤᠭᠤᠴᠠᠭᠠᠨ ᠤ ︽ᠦᠶᠯᠡᠳᠦᠯᠭᠡ︾ ᠰᠡᠳᠬᠦᠯ ᠤᠨ ︽ᠣᠳᠣᠬᠢᠴᠢᠯᠠᠯᠲᠠ ᠳᠤ | ᠠᠩᠬᠠᠷᠤᠯ ᠢᠶᠠᠨ ᠲᠦᠪᠯᠡᠷᠡᠭᠦᠯᠦᠨ ᠥᠭᠡᠷᠡᠴᠢᠯᠡᠯᠲᠡ ᠶᠢ ᠴᠢᠨᠠᠭᠰᠢᠲᠠ ᠭᠦᠨᠵᠡᠭᠡᠶᠢᠷᠡᠭᠦᠯᠦᠶ᠎ᠡ︾ ᠭᠡᠬᠦ ᠲᠤᠰᠬᠠᠶ ᠪᠤᠯᠤᠩ | ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠤ ︽ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠶ᠎ᠡ︾ ᠭᠡᠬᠦ ᠨᠡᠷ᠎ᠡ ᠬᠠᠳᠠᠭᠰᠠᠨ ᠵᠣᠬᠢᠶᠠᠯ ᠢ | ᠨᠡᠶᠢᠲᠡᠯᠡᠪᠡ᠃ ᠵᠣᠬᠢᠶᠠᠯ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠠᠮ | ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠦᠶᠯᠡᠴᠢᠯᠡᠬᠦ ᠪᠠ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠡᠭᠦᠷᠭᠡ ᠬᠠᠷᠠᠯᠲᠠ | ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ | ᠭᠤᠤᠯᠳᠠᠯᠭ᠎ᠠ ᠪᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠭᠤᠣᠯᠳᠠᠭ᠎ᠠ ᠲᠠᠢ ᠦᠭᠦᠯᠡᠪᠡ᠃ ᠳᠣᠣᠷᠠᠬᠢ ᠪᠣᠯ ᠪᠦᠬᠦ | ᠠᠭᠤᠯᠭ᠎ᠠ ᠪᠣᠯᠤᠨ᠎ᠠ ᠃ | | | | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠶ᠎ᠡ | ᠵᠣᠬᠢᠶᠠᠯ | ᠭᠤᠤ ᠱᠢ ᠴᠢᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ | ︽ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ | ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ | ᠪᠠᠷ ᠭᠦᠨᠵᠡᠭᠡᠶᠢᠷᠡᠭᠦᠯᠬᠦ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠬᠦ᠂ | ᠳᠤᠮᠳᠠ ᠲᠦᠪᠰᠢᠨ ᠳᠤ ᠣᠷᠣᠵᠤ ︽ᠵᠠᠮ ᠨᠡᠭᠡᠭᠡᠬᠦ ᠬᠤᠰᠢᠭᠤᠴᠢ︾ ᠪᠣᠯᠬᠤ ᠶᠢ ᠪᠡᠶᠡᠯᠡᠭᠦᠯᠦᠨ᠎ᠡ᠃ | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠣᠳᠣᠬᠢᠴᠢᠯᠠᠭᠰᠠᠨ ᠴᠢᠨᠠᠷ ᠰᠠᠶᠢᠲᠠᠶ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ | ᠤ ᠲᠣᠤᠷ ᠢ ᠲᠦᠷᠭᠡᠳᠬᠡᠨ ᠪᠠᠶᠢᠭᠤᠯᠤᠨ᠎ᠠ | ᠭᠤᠤᠯᠳᠠᠭᠤ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠶ ᠲᠥᠯᠥᠪᠯᠡᠨ ᠠᠭᠤᠰᠤᠯᠴᠠᠭᠤᠯᠬᠤ᠂ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠨ᠎ᠠ᠃ ᠨᠢᠭᠡ ᠳᠤ᠂ ᠨᠢᠭᠡᠳᠦᠯᠲᠡᠶ ᠲᠥᠯᠥᠪᠯᠡᠨ | ᠠᠷᠭ᠎ᠠ ᠤᠬᠠᠭᠠᠨ ᠰᠦᠪᠡᠭᠴᠢᠯᠡᠨ᠎ᠡ᠃ ᠥᠭᠡᠷᠡᠴᠢᠯᠡᠯᠲᠡ ᠶᠢᠨ ᠡᠭᠦᠷᠭᠡ ᠶᠢ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ | ᠵᠠᠮ ᠬᠠᠷᠢᠯᠴᠠᠭᠠᠨ ᠤ ᠲᠣᠣᠷ ᠢ ᠪᠠᠶᠢᠭᠤᠯᠬᠤ᠂ ᠡᠯ᠎ᠡ ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠢ ᠨᠢᠭᠡ | ᠴᠤᠭᠴᠠᠵᠢᠭᠤᠯᠤᠨ ᠠᠭᠤᠰᠤᠯᠳᠤᠭᠤᠯᠤᠨ ᠬᠥᠭᠵᠢᠭᠦᠯᠬᠦ ᠵᠡᠷᠭᠡ 10 ᠲᠠᠯ᠎ᠠ ᠶᠢᠨ 30 ᠵᠦᠢᠯ ᠤᠨ ᠠᠵᠢᠯ ᠤᠨ | ᠲᠣᠳᠣᠷᠬᠠᠢ ᠬᠠᠭᠤᠳᠠᠰᠤ ᠪᠣᠯᠭᠠᠨ ᠨᠠᠷᠢᠯᠢᠬᠵᠢᠭᠤᠯᠵᠤ᠂ ᠬᠥᠳᠡᠯᠦᠩᠭᠦᠢ ᠪᠠᠷ ᠲᠤᠬᠢᠷᠠᠭᠤᠯᠤᠨ ᠰᠢᠨᠡᠳᠬᠡᠵᠦ᠂ ᠴᠥᠮ | ᠪᠡᠶᠡᠯᠡᠭᠦᠯᠦᠭᠰᠡᠨ ᠪᠤᠶᠤ ᠱᠠᠲᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠬᠤᠶᠠᠷ ᠲᠤ᠂ ᠲᠣᠭᠲᠠᠴᠠ ᠶᠢ | ᠰᠢᠯᠤᠭᠤᠳᠬᠠᠨ᠎ᠠ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠡᠭᠦᠷᠭᠡ ᠴᠢᠳᠠᠪᠤᠷᠢ ᠶᠢ ᠵᠠᠯᠭᠠᠨ | ᠵᠣᠯᠭᠠᠭᠤᠯᠬᠤ᠂ ︽ᠲᠣᠮᠤ ᠵᠠᠮ ᠬᠠᠷᠢᠯᠴᠠᠭ᠎ᠠ︾ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠬᠤ ᠪᠠᠷ ᠲᠣᠬᠢᠶᠠᠯ | ᠪᠣᠯᠭᠠᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ᠂ | ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ᠂ ᠠᠵᠤ ᠦᠢᠯᠡᠰ ᠤᠨ ᠪᠣᠶᠢᠵᠢᠭᠤᠯᠤᠯᠲᠠ᠂ ᠰᠠᠭᠠᠳ ᠦᠭᠡᠶ ᠨᠡᠪᠲᠡᠷᠡᠬᠦ | ᠶᠢ ᠪᠠᠲᠤᠯᠠᠬᠤ ᠶᠢ ᠨᠢᠭᠡ ᠴᠣᠭᠴᠠᠵᠢᠭᠤᠯᠤᠨ ᠲᠥᠯᠥᠪᠵᠢᠭᠦᠯᠬᠦ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠰᠠᠮᠠᠯ | ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠦᠳᠠᠨ ᠤ ᠶᠠᠪᠤᠳᠠᠯ ᠤᠨ ᠲᠥᠯᠥᠪᠵᠢᠭᠦᠯᠭᠡ᠂ | ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠎ᠡ᠃ ᠲᠡᠮᠦᠷ ᠵᠠᠮ ᠤᠨ | ᠠᠷᠠᠳ ᠤᠨ ᠠᠭᠠᠷ ᠤᠨ ᠲᠡᠭᠡᠭᠡᠪᠦᠷᠢ ᠶᠢᠨ ᠴᠢᠬᠤᠯᠠ ᠶᠡᠭᠡ ᠲᠥᠷᠥᠯ ᠵᠦᠶᠯ ᠤᠨ ᠵᠣᠬᠢᠴᠠᠭᠤᠯᠭ᠎ᠠ ᠶᠢ ᠴᠢᠩᠭᠠᠷᠠᠭᠤᠯᠵᠤ᠂ | ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠴᠢᠬᠤᠯᠠ ᠶᠡᠭᠡ ᠲᠥᠷᠥᠯ ᠵᠦᠶᠯ ᠢ | ᠨᠢᠭᠡᠳᠦᠯᠲᠡᠶ ᠲᠣᠬᠢᠷᠠᠭᠤᠯᠬᠤ᠂ ᠨᠢᠭᠡᠳᠦᠯᠲᠡᠶ ᠵᠣᠬᠢᠴᠠᠭᠤᠯᠬᠤ᠂ ᠨᠢᠭᠡᠳᠦᠯᠲᠡᠶ ᠮᠡᠳᠡᠭᠳᠡᠨ ᠵᠠᠷᠯᠠᠬᠤ ᠠᠵᠢᠯ ᠤᠨ | ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ︽ᠵᠡᠭᠦᠨᠰᠢ | ᠪᠠᠷᠠᠭᠤᠨᠰᠢ ᠨᠡᠪᠲᠡᠷᠡᠭᠰᠡᠨ᠂ ᠡᠮᠦᠨᠡᠰᠢ ᠤᠮᠠᠷᠠᠰᠢ ᠬᠤᠯᠪᠣᠭᠰᠠᠨ᠂ ᠪᠡᠭᠡᠵᠢᠩ ᠲᠠᠢ ᠰᠢᠭᠤᠳ ᠨᠡᠪᠲᠡᠷᠡᠭᠰᠡᠨ᠂ ᠨᠠᠶᠮᠠᠨ | ᠮᠤᠵᠢ ᠲᠠᠢ ᠰᠠᠭᠠᠳ ᠦᠭᠡᠶ ᠨᠡᠪᠲᠡᠷᠡᠭᠰᠡᠨ᠂ ᠬᠢᠯᠢ ᠬᠢᠵᠠᠭᠠᠷ ᠳᠠᠯᠠᠶ ᠲᠠᠭᠤ ᠳᠤ ᠬᠦᠷᠦᠭᠰᠡᠨ᠂ ᠬᠤᠲᠠ ᠬᠥᠳᠡᠭᠡ ᠶᠢ | ᠨᠢᠭᠡ ᠴᠣᠭᠴᠠᠵᠢᠭᠤᠯᠤᠭᠰᠠᠨ︾ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠪᠠᠶᠢᠷᠢᠰᠢᠭᠤᠯᠤᠯ ᠢ | ᠴᠣᠭᠴᠠᠯᠠᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠥᠮᠦᠨ ᠠᠮᠠ᠂ ᠠᠵᠤ ᠦᠢᠯᠡᠰ ᠤᠨ ᠬᠥᠭᠵᠢᠯᠲᠡ ᠶᠢᠨ | ᠲᠣᠭᠤᠷᠢᠨ ᠳᠤ᠂ ᠵᠠᠮ ᠬᠠᠷᠢᠯᠴᠠᠭᠠᠨ ᠤ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ︽ᠳᠥᠷᠪᠡᠨ ᠬᠥᠨᠳᠡᠯᠡᠨ ᠠᠷᠪᠠᠨ | ᠬᠤᠶᠠᠷ ᠭᠤᠯᠳᠤ︾ ᠶᠡᠷᠦᠩᠬᠡᠶᠢᠯᠡᠭᠰᠡᠨ ᠲᠡᠭᠡᠭᠡᠪᠦᠷᠢ ᠶᠢᠨ ᠨᠡᠪᠲᠡᠷᠡᠬᠦ ᠵᠠᠮ ᠢ ᠲᠦᠷᠭᠡᠳᠬᠡᠨ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠲᠡᠮᠦᠷ ᠵᠠᠮ ᠤᠨ ᠶᠡᠭᠡ ᠨᠡᠪᠲᠡᠷᠡᠬᠦ ᠵᠠᠮ | ᠪᠣᠯᠤᠨ ᠵᠡᠭᠦᠨ ᠬᠡᠰᠡᠭ ᠤᠨ ᠠᠶᠢᠮᠠᠭ ᠬᠤᠲᠠ ᠶᠢᠨ ᠳᠥᠭᠦᠮ ᠳᠥᠲᠡ ᠪᠡᠭᠡᠵᠢᠩ ᠬᠦᠷᠬᠦ ᠳᠡᠭᠡᠳᠦ ᠬᠤᠷᠳᠤ ᠶᠢᠨ | ᠲᠡᠮᠦᠷ ᠵᠠᠮ ᠢ ᠨᠡᠪᠲᠡᠷᠡᠭᠦᠯᠦᠨ᠎ᠡ ᠃ | ᠤᠳᠤ ᠦᠶ᠎ᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ | ᠳᠠᠭᠠᠭᠤᠯᠤᠭᠴᠢ ᠶᠢ ᠪᠤᠵᠠᠭᠠᠶᠢᠷᠠᠭᠤᠯᠬᠤ᠂ ᠲᠠᠷᠠᠬᠠᠢ ᠡᠷᠦᠬᠡ ᠶᠢ ᠲᠦᠪᠯᠡᠷᠡᠭᠦᠯᠬᠦ᠂ ᠲᠠᠪᠴᠠᠩ ᠪᠠᠶᠢᠭᠤᠯᠬᠤ᠂ | ᠠᠬᠤᠢ ᠲᠠᠯᠠᠪᠤᠷ ᠪᠣᠶᠢᠵᠢᠭᠤᠯᠬᠤ ᠳᠤ ᠬᠦᠴᠦᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ | ᠴᠢᠨᠠᠷᠲᠠᠶ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠶᠢ ᠳᠠᠶᠢᠴᠢᠯᠠᠨ᠎ᠠ᠃ ᠨᠢᠭᠡ ᠳᠤ᠂ ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ᠎ᠠ᠃ ︽ᠣᠲᠣ ᠦᠶ᠎ᠡ | ᠶᠢᠨ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ | ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ︾ ᠢ ᠨᠡᠶᠢᠲᠡᠯᠡᠵᠦ᠂ ᠣᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾᠂ ︽ᠨᠢᠭᠡ ᠴᠢᠩᠭᠡᠯᠢᠭ ᠤᠨ ᠲᠦᠷᠢᠮ︾ ᠤᠨ ᠬᠥᠭᠵᠢᠯᠲᠡ ᠶᠢ | ᠠᠬᠢᠭᠤᠯᠤᠨ᠂ ᠬᠤᠲᠠ ᠶᠢᠨ ᠳᠣᠭᠢᠷᠠᠭᠤᠯᠤᠨ ᠬᠦᠷᠭᠡᠵᠦ ᠨᠡᠪᠲᠡᠷᠡᠬᠦ ᠬᠠᠮᠢᠶᠠᠷᠤᠯᠲᠠ ᠵᠡᠷᠭᠡ ᠲᠦᠷᠢᠮ ᠤᠨ ᠪᠠᠷᠢᠮᠵᠢᠶ᠎ᠠ | ᠶᠢ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ | ᠪᠣᠶᠢᠵᠢᠭᠤᠯᠬᠤ ᠬᠥᠮᠥᠷᠭᠡ ᠪᠠ ᠭᠤᠤᠯᠳᠠᠯᠭ᠎ᠠ ᠲᠠᠢ ᠪᠠᠷᠠᠭᠠᠨ ᠤ ᠢᠷᠡᠯᠲᠡ ᠶᠢᠨ ᠠᠵᠤ ᠠᠬᠤᠶᠢᠯᠠᠯ ᠤᠨ ᠮᠠᠲ᠋ᠧᠷᠢᠶᠠᠯ | ᠤᠨ ᠬᠥᠮᠥᠷᠭᠡ ᠶᠢ ᠪᠠᠶᠢᠭᠤᠯᠵᠤ᠂ ᠬᠥᠮᠥᠷᠭᠡ ᠳᠤ ᠣᠷᠣᠭᠤᠯᠤᠭᠰᠠᠨ ᠲᠡᠮᠦᠷ ᠵᠠᠮ᠂ ᠵᠠᠰᠠᠮᠠᠯ ᠵᠠᠮ᠂ ᠠᠭᠠᠷ ᠤᠨ | ᠠᠶᠠᠯᠠᠯ᠂ ᠰᠢᠦᠳᠠᠨ ᠵᠡᠷᠭᠡ ᠬᠦᠷᠢᠶᠡᠨ ᠳᠠᠬᠢ ᠳᠠᠭᠠᠭᠤᠯᠤᠭᠴᠢ ᠠᠵᠤ ᠠᠬᠤᠶᠢᠯᠠᠯ 91 ᠪᠠᠶᠢᠵᠤ᠂ 5 ᠳ᠋ᠦᠩᠰᠢᠭᠤᠷ | ᠲᠥᠭᠦᠷᠢᠭ ᠤᠨ ᠦᠶᠯᠡᠳᠬᠦᠨ ᠤ ᠥᠷᠲᠡᠭ ᠪᠥᠬᠦᠶ ᠳᠠᠭᠠᠭᠤᠯᠤᠭᠴᠢ ᠠᠵᠤ ᠠᠬᠤᠶᠢᠯᠠᠯ ᠢ 20 ᠪᠣᠶᠢᠵᠢᠭᠤᠯᠪᠠ᠃ | ᠬᠤᠶᠠᠷ ᠲᠤ᠂ ᠲᠡᠭᠡᠭᠡᠪᠦᠷᠢ ᠶᠢᠨ ᠲᠠᠷᠠᠬᠠᠶ ᠡᠷᠦᠬᠡ ᠶᠢ ᠲᠦᠪᠯᠡᠷᠡᠭᠦᠯᠪᠡ᠃ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ | ᠠᠵᠢᠯᠯᠠᠭᠠᠨ ᠤ ᠲᠥᠰᠦᠯ 2.0 ᠬᠡᠪᠯᠡᠯ ᠢ ᠨᠡᠶᠢᠲᠡᠯᠡᠵᠦ᠂ ᠱᠠᠩᠨᠠᠵᠤ ᠨᠥᠬᠦᠪᠥᠷᠢᠯᠡᠬᠦ ᠰᠢᠯᠢᠳᠡᠭᠵᠢᠭᠦᠯᠦᠨ᠂ ᠬᠠᠮᠲᠤᠷᠠᠨ | ᠬᠢᠨᠠᠨ ᠬᠠᠮᠢᠶᠠᠷᠤᠨ᠎ᠠ᠃ ᠭᠤᠷᠪᠠ ᠳᠤ᠂ ︽ᠬᠤᠶᠠᠷ ᠢ ᠡᠷᠢᠬᠦ︾ ᠲᠠᠪᠴᠠᠩ ᠢ ᠪᠠᠶᠢᠭᠤᠯᠤᠨ᠎ᠠ᠃ ᠵᠠᠰᠠᠭ ᠤᠨ ᠣᠷᠳᠣᠨ | ᠠᠵᠤ ᠠᠬᠤᠶᠢᠯᠠᠯ ᠤᠨ ᠲᠡᠭᠡᠭᠡᠪᠦᠷᠢ ᠶᠢᠨ ᠲᠠᠪᠴᠠᠩ ᠲᠤ ᠲᠦᠰᠢᠭᠯᠡᠨ᠂ ︽ᠬᠤᠶᠠᠷ ᠢ ᠡᠷᠢᠬᠦ︾ ᠶᠢ ᠵᠣᠯᠭᠠᠭᠤᠯᠬᠤ | ᠲᠣᠭᠲᠠᠴᠠ ᠶᠢ ᠪᠠᠶᠢᠭᠤᠯᠤᠨ᠎ᠠ᠂ ᠲᠤᠬᠠᠶᠢᠯᠠᠪᠠᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠵᠣᠯᠭᠠᠭᠤᠯᠵᠤ᠂ | ᠪᠠᠷᠠᠭᠠᠨ ᠤ ᠡᠵᠡᠨ᠂ ᠠᠷᠠᠯᠵᠢᠶᠠᠨ ᠤ ᠬᠤᠳᠠᠯᠳᠤᠭᠠᠴᠢᠨ ᠪᠤᠶᠤ ᠬᠡᠷᠡᠭᠯᠡᠭᠡᠨ ᠤ ᠬᠤᠳᠠᠯᠳᠤᠭᠠᠴᠢᠨ ᠲᠤ ᠥᠪᠡᠷ ᠤᠨ | ᠦᠷᠳᠡᠭ ᠢᠶᠠᠷ ᠳᠣᠣᠷ᠎ᠠ᠂ ᠦᠷ᠎ᠡ ᠪᠦᠲᠦᠮᠵᠢ ᠪᠠᠷ ᠥᠨᠳᠥᠷ᠂ ᠪᠣᠬᠢᠷᠲᠤᠯ ᠭᠠᠳᠠᠭᠰᠢᠯᠠᠭᠤᠯᠬᠤ ᠪᠠᠷ ᠪᠠᠭ᠎ᠠ ᠵᠠᠮ | ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠲᠠᠭᠠᠭᠤᠯᠤᠭᠴᠢ ᠠᠵᠤ ᠠᠬᠤᠶᠢᠯᠠᠯ ᠢ ᠡᠷᠢᠨ ᠦᠭᠴᠦ᠂ ᠵᠠᠮ ᠬᠠᠷᠢᠯᠴᠠᠭ᠎ᠠ | ᠪᠠᠷᠠᠭᠠᠨ ᠤ ᠭᠦᠢᠯᠭᠡᠭᠡ ᠶᠢᠨ ᠲᠠᠭᠠᠭᠤᠯᠤᠭᠴᠢ ᠠᠵᠤ ᠠᠬᠤᠶᠢᠯᠠᠯ ᠲᠤ ᠲᠣᠭᠲᠠᠭᠤᠨ᠂ ᠢᠲᠡᠭᠡᠯ ᠰᠠᠶᠢᠲᠠᠢ ᠪᠠᠷᠠᠭᠠᠨ ᠤ | ᠢᠷᠡᠯᠳᠡ ᠶᠢᠨ ᠠᠵᠤ ᠠᠬᠤᠶᠢᠯᠠᠯ ᠢ ᠡᠷᠢᠨ ᠥᠭᠴᠦ᠂ ᠬᠤᠶᠠᠷ ᠲᠠᠯ᠎ᠠ ᠪᠠᠷ ᠢᠶᠠᠨ ᠤᠷᠳᠤ ᠬᠤᠭᠤᠴᠠᠭᠠᠨ ᠤ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠢ ᠵᠣᠷᠢᠭᠵᠢᠭᠤᠯᠤᠨ᠂ ︽ᠶᠡᠷᠦᠩᠬᠡᠢ ᠶᠢ ᠶᠡᠷᠦᠩᠬᠡᠢ ᠳᠤ ᠨᠢ | ᠬᠠᠨᠳᠤᠭᠤᠯᠬᠤ︾ ᠪᠠᠷᠠᠭᠠᠨ ᠤ ᠭᠦᠢᠯᠭᠡᠭᠡ ᠶᠢᠨ ᠬᠠᠩᠭᠠᠯᠭ᠎ᠠ ᠶᠢᠨ ᠬᠡᠯᠬᠢᠶᠡᠨ ᠤ ᠬᠠᠮᠲᠤᠷᠠᠯᠴᠠᠭ᠎ᠠ ᠶᠢ ᠥᠷᠨᠢᠭᠦᠯᠦᠨ᠎ᠡ᠃ | ᠲᠦᠷᠪᠡ ᠳᠤ᠂ ᠠᠬᠤᠢ ᠲᠠᠯᠠᠪᠤᠷ ᠤᠨ ᠲᠤᠷᠰᠢᠯᠲᠠ ᠶᠢᠨ ᠴᠡᠭ ᠢ ᠪᠣᠶᠢᠵᠢᠭᠤᠯᠤᠨ᠎ᠠ᠃ ᠬᠢᠯᠢ ᠠᠯᠤᠰᠯᠠᠭᠰᠠᠨ | ᠵᠢᠯᠣᠭᠤᠴᠢ ᠥᠬᠡᠶ ᠴᠢᠩᠭᠡᠯᠢᠭ ᠤᠨ ᠠᠴᠢᠶᠠᠨ ᠤ ᠮᠠᠰᠢᠨ ᠲᠡᠷᠭᠡ ︵AGV︶ ᠶᠢ ᠦᠷᠭᠦᠯᠵᠢᠯᠡᠨ ᠠᠬᠢᠭᠤᠯᠵᠤ᠂ | ᠪᠥᠬᠦ ᠤᠯᠤᠰ ᠤᠨ ᠠᠩᠬᠠᠳᠠᠭᠴᠢ ᠬᠢᠯᠢ ᠠᠯᠤᠰᠯᠠᠭᠰᠠᠨ AGV ᠲᠤᠰᠬᠠᠶ ᠨᠡᠪᠲᠡᠷᠡᠬᠦ ᠵᠠᠮ ᠢ ᠭᠠᠭᠴᠠᠮᠤᠳᠤ ᠪᠣᠭᠤᠮᠲᠠ | ᠳᠤ ᠪᠥᠬᠦ ᠱᠤᠭᠤᠮ ᠢᠶᠠᠷ ᠨᠡᠪᠲᠡᠷᠡᠭᠦᠯᠪᠡ᠃ ᠣᠷᠳᠣᠰ ᠤᠨ ᠰᠢᠨ᠎ᠡ ᠡᠨᠧᠷᠭᠢ ᠶᠢᠨ ᠲᠣᠭᠠᠴᠢᠯᠠᠭᠰᠠᠨ ᠡᠬᠡ ᠬᠠᠭᠤᠷᠠᠶ | ᠶᠢᠨ ᠭᠠᠷᠠᠮ ᠤᠨ ᠤᠶᠤᠨᠲᠤ ᠪᠠᠷᠠᠭᠠᠨ ᠤ ᠭᠦᠢᠯᠭᠡᠭᠡ ᠶᠢᠨ ᠲᠥᠷᠥᠯ ᠵᠦᠶᠯ ᠨᠢ ᠪᠣᠬᠢᠷᠲᠤᠯ ᠥᠬᠡᠶ ᠳᠣᠤᠷ᠎ᠠ | ᠨᠡᠭᠦᠷᠡᠰᠦᠲᠥ᠋ᠷᠥᠭᠴᠢᠲᠦ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠲᠦᠷᠦᠭᠦᠦ ᠪᠦᠯᠦᠭ ᠲᠤᠰᠬᠠᠶ ᠲᠤᠷᠰᠢᠯᠲᠠ | ᠶᠢᠨ ᠴᠡᠭ ᠲᠤ ᠰᠣᠩᠭᠤᠭᠳᠠᠵᠤ᠂ ︽ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠲᠡᠭᠡᠭᠡᠪᠦᠷᠢ ᠶᠢᠨ | ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠵᠦ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ | ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ︾ | ᠵᠡᠷᠭᠡ ᠬᠤᠶᠠᠷ ᠲᠤᠷᠰᠢᠯᠲᠠ ᠶᠢᠨ ᠴᠡᠭ ᠨᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ | ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠵᠠᠮ ᠬᠠᠷᠢᠯᠴᠠᠭᠠᠨ ᠤ ᠬᠦᠴᠦᠷᠬᠡᠭ | ᠤᠯᠤᠰ ᠤᠨ ᠲᠦᠷᠦᠭᠦᠦ ᠪᠦᠯᠦᠭ ᠲᠤᠰᠬᠠᠶ ᠲᠤᠷᠰᠢᠯᠲᠠ ᠶᠢᠨ ᠴᠡᠭ ᠲᠤ ᠰᠣᠩᠭᠤᠭᠳᠠᠪᠠ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠭᠦᠭᠵᠢᠭᠦᠯᠵᠦ ᠵᠠᠮ ᠬᠠᠷᠢᠯᠴᠠᠭ᠎ᠠ ᠲᠡᠭᠡᠭᠡᠪᠦᠷᠢ ᠶᠢᠨ | ᠣᠶᠤᠨᠴᠢ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ | ᠲᠥᠷᠥ ᠶᠢᠨ ᠪᠣᠳᠣᠯᠭ᠎ᠠ ᠪᠠᠷ ᠬᠥᠲᠥᠯᠦᠨ ᠳᠠᠭᠠᠭᠤᠯᠬᠤ᠂ ᠲᠦᠷᠢᠮ ᠢᠶᠠᠷ ᠪᠠᠲᠤᠯᠠᠬᠤ᠂ ᠤᠷᠢᠳ ᠢᠶᠠᠷ | ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠪᠠᠷᠢᠮᠲᠠᠯᠠᠵᠤ᠂ ᠰᠢᠨ᠎ᠡ ᠴᠢᠨᠠᠷ ᠪᠦᠬᠦᠢ ᠦᠶᠯᠡᠳᠪᠦᠷᠢᠯᠡᠯ ᠤᠨ ᠬᠦᠴᠦᠨ | ᠤ ᠬᠥᠭᠵᠢᠯᠲᠡ ᠶᠢᠨ ᠲᠦᠭᠵᠢᠷᠡᠯ ᠬᠤᠷᠢᠭ᠎ᠠ ᠴᠡᠭ ᠢ ᠬᠦᠴᠦᠯᠡᠨ ᠨᠡᠪᠲᠡᠷᠡᠭᠦᠯᠦᠨ᠎ᠡ᠃ ᠨᠢᠭᠡ ᠳᠤ᠂ ᠠᠶᠠᠯᠠᠯ ᠨᠡᠪᠲᠡᠷᠡᠬᠦ | ᠠᠵᠤ ᠦᠢᠯᠡᠰ ᠢ ᠪᠣᠶᠢᠵᠢᠭᠤᠯᠤᠨ᠎ᠠ᠃ ᠬᠥᠬᠡᠬᠤᠲᠠ ᠶᠢᠨ ᠱᠧᠩ ᠯᠧ ᠤᠯᠠᠨ ᠤᠯᠤᠰ ᠤᠨ ᠨᠢᠰᠬᠡᠯ ᠤᠨ ᠪᠠᠭᠤᠳᠠᠯ | ᠤᠨ ᠨᠡᠷᠡᠶᠢᠳᠦᠯ ᠵᠥᠪᠰᠢᠶᠡᠷᠡᠭᠳᠡᠵᠦ᠂ ᠴᠢᠩ ᠱᠦᠢ ᠾᠧ ᠶᠢᠨ ᠨᠡᠶᠢᠳᠡᠮ ᠤᠨ ᠬᠡᠷᠡᠭᠯᠡᠭᠡᠨ ᠨᠢᠰᠬᠡᠯ ᠤᠨ ᠪᠠᠭᠤᠳᠠᠯ | ᠪᠠᠶᠢᠭᠤᠯᠤᠭᠳᠠᠵᠤ ᠡᠵᠡᠩᠨᠡᠯᠲᠡ ᠳᠤ ᠣᠷᠣᠪᠠ᠃ ︽ᠥᠪᠡᠷᠲᠡᠭᠡᠨ ᠵᠠᠰᠠᠬᠤ ᠣᠷᠣᠨ ᠤ ᠨᠡᠶᠢᠳᠡᠮ ᠤᠨ ᠬᠡᠷᠡᠭᠯᠡᠭᠡᠨ ᠤ | ᠠᠭᠠᠷ ᠤᠨ ᠠᠶᠠᠯᠠᠯ ᠤᠨ ᠠᠵᠤ ᠦᠶᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠬᠤ ᠶᠢ ᠠᠬᠢᠭᠤᠯᠵᠤ᠂ ︽ᠭᠤᠤᠯ ᠱᠤᠭᠤᠮ ᠪᠠ ᠰᠠᠯᠪᠤᠷᠢ ᠱᠤᠭᠤᠮ᠂ ᠪᠥᠬᠦ ᠰᠦᠯᠵᠢᠶ᠎ᠡ ᠶᠢ ᠬᠤᠯᠪᠣᠬᠤ︾ | ᠶᠢ ᠭᠦᠨᠵᠡᠭᠡᠶᠢᠷᠡᠭᠦᠯᠦᠨ᠂ ︽ᠠᠭᠠᠷ ᠠᠶᠠᠯᠠᠯ + ᠰᠣᠶᠣᠯ ᠵᠢᠭᠤᠯᠴᠢᠯᠠᠯ︾ ᠢ ᠠᠬᠢᠭᠤᠯᠵᠤ᠂ ᠨᠡᠶᠢᠳᠡᠮ ᠤᠨ | ᠬᠡᠷᠡᠭᠯᠡᠭᠡᠨ ᠤ ᠠᠭᠠᠷ ᠤᠨ ᠠᠶᠠᠯᠠᠯ ᠤᠨ ᠬᠡᠷᠡᠭᠯᠡᠭᠡᠨ ᠤ ᠪᠠᠶᠢᠳᠠᠯ ᠢ ᠲᠠᠰᠤᠷᠠᠯᠲᠠ ᠥᠬᠡᠶ ᠥᠷᠭᠡᠳᠬᠡᠨ᠂ ᠬᠠᠮᠢᠶ᠎ᠠ | ᠪᠥᠬᠦᠶ ᠠᠵᠤ ᠦᠶᠯᠡᠰ ᠢ ᠳᠠᠶᠢᠴᠢᠯᠠᠬᠤ ᠦᠶᠯᠡᠳᠦᠯ ᠢ ᠪᠠᠳᠠᠷᠠᠭᠤᠯᠤᠨ᠎ᠠ᠃ ᠬᠤᠶᠠᠷ ᠲᠤ᠂ ᠳᠣᠤᠷ᠎ᠠ ᠠᠭᠠᠷ ᠤᠨ | ᠪᠠᠷᠠᠭᠠᠨ ᠤ ᠭᠦᠢᠯᠭᠡᠭᠡ ᠶᠢ ᠬᠥᠭᠵᠢᠭᠦᠯᠦᠨ᠎ᠡ᠃ ᠲᠥᠷᠥ ᠶᠢᠨ ᠪᠣᠳᠣᠯᠭ᠎ᠠ ᠪᠠᠷ ᠬᠥᠲᠥᠯᠦᠨ ᠳᠠᠭᠠᠭᠤᠯᠬᠤ ᠶᠢ | ᠪᠠᠷᠢᠮᠲᠠᠯᠠᠵᠤ᠂ ︽ᠥᠪᠡᠷᠲᠡᠭᠡᠨ ᠵᠠᠰᠠᠬᠤ ᠣᠷᠣᠨ ᠤ ᠳᠣᠤᠷ᠎ᠠ ᠠᠭᠠᠷ ᠤᠨ ᠪᠠᠷᠠᠭᠠᠨ ᠤ ᠭᠦᠶᠯᠭᠡᠭᠡ ᠶᠢᠨ ᠴᠢᠨᠠᠷ | ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2024—2027 ᠣᠨ︶︾ ᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠳᠣᠤᠷ᠎ᠠ ᠠᠭᠠᠷ ᠤᠨ ᠣᠷᠣᠨ ᠪᠦᠰᠡ ᠶᠢᠨ ᠬᠠᠮᠵᠢᠯᠴᠠᠨ ᠬᠠᠮᠢᠶᠠᠷᠬᠤ ᠶᠢ ᠴᠢᠩᠭᠠᠳᠬᠠᠨ᠂ ᠳᠣᠤᠷ᠎ᠠ | ᠠᠭᠠᠷ ᠤᠨ ᠪᠠᠷᠠᠭᠠᠨ ᠤ ᠭᠦᠶᠯᠭᠡᠭᠡ ᠶᠢᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠳᠣᠤᠷ᠎ᠠ ᠠᠭᠠᠷ ᠤᠨ | ᠪᠠᠷᠠᠭᠠᠨ ᠤ ᠭᠦᠶᠯᠭᠡᠭᠡ ᠶᠢᠨ ᠣᠯᠠᠨ ᠡᠰᠢᠵᠢᠭᠰᠡᠨ ᠪᠠᠶᠢᠳᠠᠯ ᠢ ᠨᠡᠭᠡᠭᠡᠨ ᠬᠥᠭᠵᠢᠭᠦᠯᠵᠦ᠂ ᠳᠣᠤᠷ᠎ᠠ ᠠᠭᠠᠷ ᠤᠨ | ᠪᠠᠷᠠᠭᠠᠨ ᠤ ᠭᠦᠶᠯᠭᠡᠭᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠶᠢ ᠪᠣᠶ ᠪᠣᠯᠭᠠᠨ᠎ᠠ᠃ ︽ᠥᠪᠡᠷᠲᠡᠭᠡᠨ | ᠵᠠᠰᠠᠬᠤ ᠣᠷᠣᠨ ᠤ ᠳᠣᠤᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ | ᠲᠥᠰᠦᠯ︾ ᠢ ᠨᠡᠶᠢᠲᠡᠯᠡᠬᠦ ᠶᠢ ᠳᠥᠯᠭᠢᠨ ᠠᠬᠢᠭᠤᠯᠵᠤ᠂ ︽ᠴᠡᠷᠢᠭ ᠠᠩᠭᠢ ᠣᠷᠣᠨ ᠨᠤᠲᠤᠭ ᠤᠨ ᠵᠠᠰᠠᠭ ᠤᠨ | ᠣᠷᠳᠣᠨ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ︾ ᠤᠨ ᠵᠣᠬᠢᠴᠠᠭᠤᠯᠬᠤ ᠲᠣᠭᠲᠠᠴᠠ ᠶᠢ | ᠪᠠᠶᠢᠭᠤᠯᠬᠤ᠂ ᠳᠣᠤᠷ᠎ᠠ ᠠᠭᠠᠷ ᠤᠨ ᠣᠷᠣᠨ ᠢ ᠵᠦᠶ ᠵᠣᠬᠢᠰᠲᠠᠶ ᠲᠦᠯᠦᠪᠯᠡᠨ ᠲᠣᠬᠢᠷᠠᠭᠤᠯᠬᠤ᠂ ᠬᠢᠨᠠᠨ ᠬᠠᠮᠢᠶᠠᠷᠴᠤ | ᠦᠶᠯᠡᠴᠢᠯᠡᠬᠦ ᠲᠠᠪᠴᠠᠩ ᠢ ᠪᠠᠶᠢᠭᠤᠯᠬᠤ᠂ ᠰᠠᠭᠤᠷᠢ ᠲᠦᠭᠦᠭᠡᠷᠦᠮᠵᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ | ᠪᠠᠶᠢᠷᠢᠯᠠᠭᠤᠯᠬᠤ ᠵᠡᠷᠭᠡ ᠪᠠᠷ ᠳᠠᠮᠵᠢᠭᠤᠯᠤᠨ᠂ ᠳᠣᠤᠷ᠎ᠠ ᠠᠭᠠᠷ ᠤᠨ ᠣᠷᠣᠨ ᠢ ᠭᠦᠶᠴᠡᠳ ᠪᠠᠳᠠᠷᠠᠭᠤᠯᠬᠤ ᠪᠠ ᠥᠨᠳᠥᠷ | ᠪᠦᠲᠦᠮᠵᠢᠲᠡᠶ ᠠᠰᠢᠭᠯᠠᠬᠤ ᠶᠢ ᠳᠥᠯᠭᠢᠨ ᠠᠬᠢᠭᠤᠯᠤᠨ᠎ᠠ᠃ ᠭᠤᠷᠪᠠ ᠳᠤ᠂ ᠣᠶᠤᠨᠴᠢ ᠪᠣᠬᠢᠷᠲᠤᠯ ᠦᠭᠡᠢ ᠳᠣᠤᠷ᠎ᠠ | ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠤᠶᠤᠨᠴᠢᠯᠠᠭᠰᠠᠨ | ᠠᠦ᠋ᠲ᠋ᠣᠴᠢᠯᠠᠭᠰᠠᠨ ᠲᠣᠨᠣᠭᠯᠠᠯ ᠢ ᠳᠡᠯᠭᠡᠷᠡᠭᠦᠯᠵᠦ᠂ ᠪᠥᠬᠦ ᠤᠯᠤᠰ ᠤᠨ ᠠᠩᠬᠠᠳᠠᠭᠴᠢ ᠬᠤᠤᠰ ᠴᠢᠷᠦᠭᠦᠯ ᠮᠠᠰᠢᠨ | ᠲᠡᠷᠭᠡᠨ ᠤ ᠲᠤᠷᠰᠢᠯᠲᠠ ᠶᠢᠨ ᠲᠥᠷᠥᠯ ᠵᠦᠶᠯ ᠢ ᠣᠷᠳᠣᠰ ᠬᠤᠲᠠ ᠳᠤ ᠠᠵᠢᠯᠯᠠᠭᠤᠯᠪᠠ᠃ ᠬᠦᠨᠳᠦ ᠠᠴᠢᠶᠠᠨ ᠤ | ᠮᠠᠰᠢᠨ ᠤ ᠠᠦ᠋ᠲ᠋ᠣ᠋ ᠪᠠᠷ ᠵᠢᠯᠣᠭᠤᠳᠬᠤ ᠡᠩᠨᠡᠭᠡ ᠶᠢᠨ ᠲᠡᠭᠡᠭᠡᠪᠦᠷᠢ ᠶᠢᠨ ᠵᠠᠭᠪᠤᠷ ᠶᠢ ᠰᠢᠨ᠎ᠡ ᠪᠠᠷ ᠡᠭᠦᠳᠦᠨ ᠬᠡᠷᠡᠭᠯᠡᠵᠦ᠂ | ︽ᠡᠬᠡ ᠬᠠᠭᠤᠷᠠᠶ ᠶᠢᠨ ᠭᠠᠷᠠᠮ + ᠴᠢᠩᠭᠡᠯᠢᠭ + ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ︾ | ᠶᠢᠨ ᠲᠡᠭᠡᠭᠡᠪᠦᠷᠢ ᠶᠢᠨ ᠵᠠᠭᠪᠤᠷ ᠢ ᠳᠡᠯᠭᠡᠷᠡᠭᠦᠯᠦᠨ᠎ᠡ᠃ ︽ᠬᠤᠷᠴᠢᠨ ᠤ ᠡᠯᠡᠰᠦᠷᠬᠡᠭ ᠭᠠᠵᠠᠷ ᠪᠠ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠣᠷᠣᠨ ᠤ ︿ᠵᠠᠮ ᠢᠶᠠᠷ ᠡᠯᠡᠰᠦ ᠶᠢ ᠵᠠᠰᠠᠬᠤ︾ ᠬᠥᠭᠵᠢᠯᠲᠡ ᠶᠢᠨ | ᠲᠥᠯᠥᠪᠵᠢᠭᠦᠯᠭᠡ ︵2024—2030 ᠣᠨ︶︾ ᠶᠢ ᠨᠡᠶᠢᠲᠡᠯᠡᠵᠦ᠂ ᠡᠯᠡᠰᠦ ᠶᠢ ᠳᠤᠭᠤᠯᠤᠭᠰᠠᠨ ᠵᠠᠰᠠᠮᠠᠯ ᠵᠠᠮ ᠢ | 6363 ᠺᠢᠯᠣᠮᠧᠲᠷ ᠲᠥᠯᠥᠪᠵᠢᠭᠦᠯᠦᠨ ᠪᠥᠲᠥᠭᠡᠨ ᠪᠠᠶᠢᠭᠤᠯᠵᠤ᠂ 1201 ᠲᠦᠮᠡᠨ ᠮᠥ ᠡᠯᠡᠰᠦ ᠶᠢ ᠵᠠᠰᠠᠬᠤ ᠶᠢ | ᠳᠠᠶᠢᠴᠢᠯᠠᠵᠤ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠠᠷᠠᠴᠢᠯᠠᠨ ᠬᠠᠮᠠᠭᠠᠯᠠᠬᠤ ᠪᠠ ᠡᠯᠡᠰᠦᠷᠬᠡᠭᠵᠢᠯ ᠢ | ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠤᠨ ᠦᠶᠯᠡᠳᠦᠯᠭᠡ ᠳᠤᠮᠳᠠ ︽ᠵᠠᠮ ᠢᠶᠠᠷ ᠣᠷᠣᠨ ᠬᠤᠪᠢᠶᠠᠬᠤ᠂ | ᠬᠡᠰᠡᠭ ᠬᠤᠪᠢᠶᠠᠨ ᠵᠠᠰᠠᠬᠤ᠂ ᠵᠠᠮ ᠢᠶᠠᠷ ᠤᠷᠤᠭᠰᠢᠯᠠᠵᠤ ᠡᠯᠡᠰᠦ ᠤᠬᠤᠷᠢᠬᠤ᠂ ᠵᠠᠮ ᠨᠡᠪᠲᠡᠷᠡᠵᠦ ᠦᠶᠯᠡᠰ ᠪᠤᠰᠬᠠᠬᠤ︾ | ᠪᠠᠷ ︽ᠵᠠᠮ ᠢᠶᠠᠷ ᠡᠯᠡᠰᠦ ᠶᠢ ᠵᠠᠰᠠᠬᠤ︾ ᠰᠢᠨ᠎ᠡ ᠵᠠᠭᠪᠤᠷ ᠢ ᠰᠦᠪᠡᠭᠴᠢᠯᠡᠨ ᠭᠠᠷᠭᠠᠪᠠ᠃ | ᠠᠵᠢᠯ ᠲᠥᠷᠥᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ | ᠶᠢᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠣᠯᠠᠨ ᠠᠷᠠᠳ ᠣᠯᠠᠨ ᠳᠤ ᠬᠦᠷᠲᠡᠭᠡᠨ᠎ᠡ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠪᠤᠨ ᠳᠣᠣᠷ᠎ᠠ ᠪᠠᠨ | ᠬᠤᠪᠢᠷᠠᠯᠲᠠ ᠲᠠᠢ ᠪᠣᠯᠬᠤ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠨᠢᠭᠡ ᠳᠤ᠂ ᠣᠷᠴᠢᠨ | ᠠᠬᠤᠢ ᠶᠢ ᠰᠢᠯᠢᠳᠡᠭᠵᠢᠭᠦᠯᠪᠡ᠃ 12328 ᠬᠠᠯᠠᠮᠰᠢᠯ ᠤᠲᠠᠰᠤ ᠪᠠ 12122 ᠬᠠᠯᠠᠮᠰᠢᠯ ᠤᠲᠠᠰᠤ ᠶᠢ | ᠨᠡᠶᠢᠯᠡᠭᠦᠯᠦᠨ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ 12328 ᠬᠠᠯᠠᠮᠰᠢᠯ ᠤᠲᠠᠰᠤ ᠶᠢ ︽ᠨᠢᠭᠡ | ᠨᠣᠮᠧᠷ ᠢᠶᠠᠷ ᠭᠦᠢᠴᠡᠳᠬᠡᠬᠦ︾ ᠶᠢ ᠪᠡᠶᠡᠯᠡᠭᠦᠯᠪᠡ︔ 12345 ᠬᠠᠯᠠᠮᠰᠢᠯ ᠤᠲᠠᠰᠤ ᠶᠢᠨ ᠦᠶᠯᠡᠴᠢᠯᠡᠭᠡᠨ ᠤ ᠬᠢᠷᠢ | ᠬᠡᠮᠵᠢᠶ᠎ᠡ᠂ ᠬᠠᠨᠤᠮᠵᠢᠲᠠᠶ ᠪᠠᠶᠬᠤ ᠨᠣᠷᠮ᠎ᠠ᠂ ᠰᠢᠶᠳᠪᠦᠷᠢᠯᠡᠬᠦ ᠨᠣᠷᠮ᠎ᠠ᠂ ᠳᠠᠭᠠᠬᠤ ᠨᠣᠷᠮ᠎ᠠ᠂ ᠭᠦᠶᠴᠡᠳᠬᠡᠵᠦ | ᠳᠠᠭᠤᠰᠬᠠᠬᠤ ᠨᠣᠷᠮ᠎ᠠ ᠨᠢ ᠴᠥᠮ 100% ᠪᠣᠯᠣᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ | ᠴᠠᠷᠠᠭᠠᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠲᠡᠭᠡᠭᠡᠪᠦᠷᠢ ᠶᠢᠨ ᠠᠵᠤ ᠠᠬᠤᠶᠢᠯᠠᠯ ᠡᠷᠭᠢᠯᠡᠬᠦ᠂ | ᠲᠣᠮᠣ ᠵᠦᠶᠯ ᠢ ᠲᠡᠭᠡᠭᠡᠪᠦᠷᠢᠯᠡᠬᠦ 3 ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠶᠢ | ᠪᠡᠶᠡᠯᠡᠭᠦᠯᠵᠦ᠂ ᠲᠡᠭᠡᠭᠡᠪᠦᠷᠢ ᠶᠢᠨ ᠠᠵᠤ ᠠᠬᠤᠶᠢᠯᠠᠯ ᠡᠷᠭᠢᠯᠡᠬᠦ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ | ᠴᠠᠷᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ︽ᠨᠢᠭᠡ ᠶᠠᠪᠤᠳᠠᠯ︾ ᠢᠶᠠᠷ ᠠᠵᠢᠯ ᠶᠠᠪᠤᠳᠠᠯ | ᠭᠦᠶᠴᠡᠳᠬᠡᠬᠦ ᠭᠤᠭᠴᠤᠭ᠎ᠠ ᠶᠢ 18 ᠪᠠᠭᠠᠰᠬᠠᠵᠤ᠂ ᠭᠤᠶᠤᠴᠢᠯᠠᠯ ᠤᠨ ᠮᠠᠲ᠋ᠧᠷᠢᠶᠠᠯ ᠢ 24 ᠬᠠᠰᠤᠵᠤ᠂ | ᠭᠦᠶᠴᠡᠳᠬᠡᠬᠦ ᠴᠠᠭ ᠤᠨ ᠬᠢᠵᠠᠭᠠᠷ ᠢ 168 ᠠᠵᠢᠯᠯᠠᠬᠤ ᠡᠳᠦᠷ ᠪᠣᠭᠤᠨᠢᠰᠬᠠᠵᠤ᠂ ᠰᠠᠯᠬᠢᠨ ᠬᠦᠴᠦ ᠪᠠᠷ ᠴᠠᠬᠢᠯᠭᠠᠨ | ᠭᠠᠷᠭᠠᠬᠤ ᠰᠡᠩᠰᠠ ᠶᠢᠨ ᠳᠡᠯᠪᠢ ᠵᠡᠷᠭᠡ ᠲᠣᠮᠣ ᠵᠦᠶᠯ ᠢ ᠲᠡᠭᠡᠭᠡᠪᠦᠷᠢᠯᠡᠬᠦ ᠵᠥᠪᠰᠢᠶᠡᠷᠡᠯ ᠤᠨ ᠳᠤᠮᠳᠠᠴᠢ ᠭᠦᠶᠴᠡᠳᠬᠡᠬᠦ | ᠴᠠᠭ ᠤᠨ ᠬᠢᠵᠠᠭᠠᠷ ᠢ 3 ᠠᠵᠢᠯᠯᠠᠬᠤ ᠡᠳᠦᠷ ᠤᠨ ᠳᠣᠲᠣᠷ᠎ᠠ ᠪᠤᠯᠭᠠᠨ ᠪᠣᠭᠤᠨᠢᠰᠬᠠᠵᠠᠢ᠃ ᠬᠤᠶᠠᠷ ᠲᠤ᠂ | ᠦᠢᠯᠡᠴᠢᠯᠡᠭᠡ ᠶᠢ ᠳᠡᠭᠡᠭᠰᠢᠯᠡᠭᠦᠯᠪᠡ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠤᠷᠳᠤᠴᠠ ᠶᠢ ᠲᠦᠷᠭᠡᠳᠬᠡᠨ᠂ | ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠦᠬᠦ ᠣᠷᠣᠨ ᠤ ᠬᠤᠷᠳᠤᠴᠠ | ᠬᠢᠵᠠᠭᠠᠷᠯᠠᠭᠰᠠᠨ ᠴᠠᠭ ᠪᠦᠷᠢ 120 ᠺᠢᠯᠣᠮᠧᠲᠷ ᠤᠨ ᠳᠡᠭᠡᠳᠦ ᠬᠤᠷᠳᠤ ᠶᠢᠨ ᠵᠠᠰᠠᠮᠠᠯ ᠵᠠᠮ 5624 ᠺᠢᠯᠣᠮᠧᠲᠷ ᠲᠤ | ᠬᠦᠷᠴᠦ᠂ 71% ᠶᠢ ᠡᠵᠡᠯᠡᠨ᠎ᠡ᠃ ETC ᠢ ᠭᠦᠶᠴᠡᠳᠬᠡᠬᠦ᠂ ᠬᠤᠪᠢᠷᠠᠭᠤᠯᠬᠤ᠂ ᠬᠤᠳᠠᠯᠳᠤᠭᠰᠠᠨ ᠤ ᠳᠠᠷᠠᠭᠠᠬᠢ | ᠦᠢᠯᠡᠴᠢᠯᠡᠭᠡ᠂ ᠨᠡᠪᠲᠡᠷᠡᠬᠦ ︽ᠳᠥᠷᠪᠡᠨ ᠬᠦᠴᠢᠷ ᠠᠰᠠᠭᠤᠳᠠᠯ︾ ᠢ ᠬᠥᠳᠡᠯᠦᠩᠭᠦᠶ ᠪᠠᠷ ᠰᠢᠶᠳᠪᠦᠷᠢᠯᠡᠵᠦ᠂ ETC | ᠲᠡᠷᠭᠡᠨ ᠵᠠᠮ ᠤᠨ ᠹᠢᠽᠢᠺ ᠤᠨ ᠠᠷᠠᠯᠵᠢᠶᠠᠨ ᠤ ᠠᠮᠵᠢᠯᠲᠠ ᠣᠯᠤᠭᠰᠠᠨ ᠨᠣᠷᠮ᠎ᠠ ᠶᠢ 99.1% ᠪᠣᠯᠲᠠᠯ᠎ᠠ | ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠶᠠᠮᠤᠨ ᠤ ᠪᠠᠷᠢᠮᠵᠢᠶ᠎ᠠ ᠠᠴᠠ ᠥᠨᠳᠥᠷ ᠪᠠᠶᠢᠳᠠᠭ᠃ | ᠳᠡᠭᠡᠳᠤ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠪᠠ ᠮᠠᠯᠵᠢᠬᠤ ᠲᠠᠷᠢᠶᠠᠯᠠᠬᠤ ᠣᠷᠣᠨ ᠤ | ᠴᠠᠬᠢᠯᠭᠠᠨ ᠴᠡᠨᠡᠭᠯᠡᠬᠦ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯᠵᠢᠬᠤ | ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠱᠣᠩ ᠢ 13705 ᠰᠢᠨ᠎ᠡ ᠪᠠᠷ ᠪᠠᠶᠢᠭᠤᠯᠵᠤ᠂ ᠨᠡᠪᠲᠡᠷᠡᠭᠦᠯᠵᠦ | ᠡᠵᠡᠩᠨᠡᠭᠰᠡᠨ ᠳᠡᠭᠡᠳᠤ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠢ ᠪᠦᠷᠢᠨ ᠢ ᠪᠦᠷᠬᠦᠭᠦᠯᠵᠦ᠂ | ᠡᠷᠢᠵᠦ ᠯᠠᠪᠯᠠᠵᠤ ᠪᠣᠯᠬᠤ ᠶᠢ ᠪᠡᠶᠡᠯᠡᠭᠦᠯᠪᠡ᠃ ᠭᠤᠷᠪᠠ ᠳᠤ᠂ ᠦᠷ᠎ᠡ ᠪᠦᠳᠦᠮᠵᠢ ᠶᠢ ᠳᠡᠭᠡᠭᠰᠢᠯᠡᠭᠦᠯᠪᠡ᠃ ᠰᠦᠶᠳᠬᠡᠯ | ᠬᠤᠷᠢᠶᠠᠬᠤ ᠵᠠᠰᠠᠮᠠᠯ ᠵᠠᠮ ᠤᠨ ᠡᠵᠡᠩᠨᠡᠬᠦ ᠦᠶᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠪᠢᠲᠡᠭᠦᠮᠵᠢᠯᠡᠭᠰᠡᠨ ᠪᠤᠰᠤ ᠮᠠᠶ᠋ᠢᠭ ᠤᠨ ᠰᠦᠶᠳᠬᠡᠯ ᠬᠤᠷᠢᠶᠠᠬᠤ ᠵᠠᠰᠠᠮᠠᠯ ᠵᠠᠮ ᠤᠨ ᠨᠡᠪᠲᠡᠷᠡᠬᠦ ᠰᠦᠶᠳᠬᠡᠯ | ᠲᠠᠲᠠᠪᠤᠷᠢᠯᠠᠨ ᠲᠤᠰᠢᠶᠠᠬᠤ ᠵᠥᠷᠢᠴᠡᠯ᠂ ᠨᠡᠶᠢᠭᠡᠮ ᠤᠨ ᠲᠡᠷᠭᠡ ᠬᠥᠰᠬᠡ ᠶᠢᠨ ᠲᠣᠭᠤᠷᠢᠵᠤ ᠶᠠᠪᠤᠬᠤ ᠵᠡᠷᠭᠡ ᠠᠰᠠᠭᠤᠳᠠᠯ | ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠳᠤ | ᠲᠦᠰᠢᠭᠯᠡᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠤᠨ ᠡᠵᠡᠩᠨᠡᠯᠲᠡ ᠶᠢᠨ | ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠥᠪᠥᠷ ᠮᠣᠩᠭᠤᠯ ᠨᠡᠷᠡᠮᠵᠢᠲᠦ︾ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠨ᠎ᠠ᠃ ᠭᠤᠤᠯᠳᠠᠯᠭ᠎ᠠ ᠲᠠᠢ ᠵᠠᠮ ᠤᠨ ᠬᠡᠰᠡᠭ ᠲᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠬᠤ ᠶᠢ ᠶᠡᠷᠦᠩᠬᠡᠶᠢᠯᠡᠨ ᠵᠠᠰᠠᠬᠤ᠂ ︽ᠭᠤᠷᠪᠠᠨ ᠮᠤᠵᠢ ᠨᠢᠭᠡ ᠣᠷᠣᠨ︾ ᠤ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠬᠤ ᠶᠢ ᠬᠠᠮᠲᠤᠷᠠᠨ ᠵᠠᠰᠠᠬᠤ᠂ ᠲᠤᠬᠠᠶ ᠶᠢᠨ ᠲᠠᠯᠠᠪᠠᠶ ᠶᠢᠨ ᠪᠤᠰᠤ ᠬᠠᠤᠯᠢ ᠬᠡᠷᠡᠭᠵᠢᠭᠦᠯᠬᠦ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ | ᠠᠵᠢᠯ ᠢ ᠥᠷᠨᠢᠭᠦᠯᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠳᠤ ᠣᠷᠣᠬᠤ ᠵᠠᠮ ᠤᠨ ᠳᠠᠭᠠᠭᠠᠴᠠ ᠠᠴᠠ | ᠬᠡᠲᠦᠷᠡᠭᠰᠡᠨ ᠨᠣᠷᠮ᠎ᠠ ᠶᠢ 0.09% ᠳᠤ ᠬᠢᠵᠠᠭᠠᠷᠯᠠᠵᠤ᠂ ᠠᠳᠠᠯᠢ ᠬᠤᠭᠤᠴᠠᠭᠠᠨ ᠤ ᠬᠢ ᠠᠴᠠ 0.06 ᠵᠠᠭᠤᠨ ᠤ | ᠴᠡᠭ ᠪᠠᠭᠤᠷᠠᠪᠠ᠃ | |