ᠪᠠᠶᠠᠨᠨᠠᠭᠤᠷ ᠬᠤᠲᠠ ᠵᠢᠯᠣᠭᠤᠴᠢ ᠶᠢᠨ ︽ᠥᠪᠡᠷ ᠢᠶᠠᠨ ᠰᠤᠷᠴᠤ ᠰᠢᠭᠤᠳ ᠰᠢᠯᠭᠠᠭᠤᠯᠬᠤ︾᠎ ᠶᠢ ᠰᠦᠯᠵᠢᠶᠡᠨ ᠳᠡᠭᠡᠷ᠎ᠡ ᠭᠦᠶᠴᠡᠳᠬᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/3/10
    ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ︽ᠥᠪᠡᠷ ᠢᠶᠠᠨ ᠰᠤᠷᠴᠤ ᠰᠢᠭᠤᠳ ᠰᠢᠯᠭᠠᠭᠤᠯᠬᠤ︾᠎ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠵᠠᠮ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ ᠲᠥᠪ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠵᠢᠯᠣᠭᠤᠳᠬᠤ ᠦᠵᠡᠯ ᠰᠠᠨᠠᠭ᠎ᠠ ᠪᠠᠷ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠵᠢᠯᠣᠭᠤᠴᠢ ᠶᠢᠨ ︽ᠥᠪᠡᠷ ᠢᠶᠠᠨ ᠰᠤᠷᠴᠤ ᠰᠢᠭᠤᠳ ᠰᠢᠯᠭᠠᠭᠤᠯᠬᠤ︾᠎ ᠶᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢᠨ ᠬᠠᠮᠲᠤ ︽ᠮᠥᠩᠬᠡ ᠰᠤᠪᠠᠭ︾᠎ ᠤᠨ ᠰᠦᠯᠵᠢᠶᠡᠨ ᠳᠡᠭᠡᠷᠡᠬᠢ ᠠᠬᠤᠶ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠲᠤᠬᠠᠶᠢᠯᠠᠭᠰᠠᠨ ᠠᠵᠢᠯ ᠢ ᠨᠡᠪᠲᠡᠷᠡᠭᠦᠯᠵᠦ᠂ ︽ᠰᠦᠯᠵᠢᠶᠡᠨ ᠳᠡᠭᠡᠷ᠎ᠡ ᠭᠦᠶᠴᠡᠳᠬᠡᠬᠦ᠂ ᠳᠠᠷᠤᠶᠢᠬᠠᠨ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ︾᠎ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠷᠠᠳ ᠣᠯᠠᠨ ᠢ ᠳᠤᠲᠠᠭᠤ ᠭᠦᠶᠦᠯᠭᠡᠨ᠂ ᠣᠯᠠᠨ ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠪᠡᠶᠡᠴᠢᠯᠡᠨ ᠣᠶᠢᠯᠠᠭᠠᠯᠲᠠ ᠶᠢ ᠬᠠᠩᠭᠠᠪᠠ᠃     ᠲᠣᠰ ᠲᠥᠪ ᠨᠢ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠤᠨ ᠠᠬᠤᠶ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠰᠦᠯᠵᠢᠶᠡᠨ ᠳᠡᠭᠡᠷ᠎ᠡ ᠭᠤᠶᠤᠴᠢᠯᠠᠨ ᠬᠢᠨᠠᠨ ᠬᠠᠷᠭᠤᠭᠤᠯᠬᠤ ᠫᠷᠤᠭ᠍ᠷᠠᠮ ᠢ ᠰᠣᠳᠣᠯᠣᠨ ᠨᠡᠭᠡᠭᠡᠵᠦ᠂ ᠵᠢᠯᠣᠭᠤᠴᠢ ︽ᠮᠥᠩᠬᠡ ᠰᠤᠪᠠᠭ︾ ᠲᠠᠪᠴᠠᠩ ᠳᠤ ᠰᠢᠭᠤᠳ ᠰᠦᠯᠵᠢᠶᠡᠨ ᠳᠡᠭᠡᠷ᠎ᠡ ᠨᠡᠷ᠎ᠡ  ᠮᠡᠳᠡᠭᠦᠯᠬᠦ ᠪᠠᠷ ᠭᠤᠶᠤᠴᠢᠯᠠᠵᠤ᠂ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠴᠠᠭ ᠲᠤᠬᠠᠶ ᠳᠤ ᠨᠢ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠵᠡᠢ᠃ ᠭᠤᠶᠤᠴᠢᠯᠠᠭᠴᠢ ᠎ ᠠᠴᠠ ︽ᠮᠥᠩᠬᠡ ᠰᠤᠪᠠᠭ︾ ᠲᠠᠪᠴᠠᠩ ᠳᠤ ᠭᠤᠶᠤᠴᠢᠯᠠᠯ ᠭᠠᠷᠭᠠᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠠᠪᠴᠠᠩ ᠳᠡᠭᠡᠷ᠎ᠡ ᠭᠤᠶᠤᠴᠢᠯᠠᠭᠰᠠᠨ ᠠᠬᠤᠶ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠵᠦᠶᠯᠡᠰ ᠢ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠵᠤ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ︽ᠮᠥᠩᠬᠡ ᠰᠤᠪᠠᠭ︾ ᠲᠠᠪᠴᠠᠩ ᠢᠶᠠᠷ ᠭᠤᠶᠤᠴᠢᠯᠠᠭᠴᠢ ᠳᠤ ᠮᠡᠳᠡᠭᠡ ᠵᠠᠩᠭᠢ ᠶᠢ ᠬᠠᠷᠢᠭᠤ ᠲᠤᠰᠬᠠᠨ᠎ᠠ᠃ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠵᠢᠯᠣᠭᠤᠴᠢ ᠴᠠᠭᠠᠰᠤᠨ ᠮᠠᠲ᠋ᠧᠷᠢᠶᠠᠯ ᠢᠶᠠᠨ ᠠᠪᠴᠤ ᠰᠢᠯᠭᠠᠯᠲᠠ ᠶᠢᠨ ᠲᠥᠪ ᠲᠤ ᠬᠦᠷᠴᠦ ᠰᠢᠯᠭᠠᠵᠤ᠂ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠳᠠᠷᠤᠶ ᠦᠨᠡᠮᠯᠡᠯ ᠢᠶᠠᠨ ᠠᠪᠴᠤ ᠪᠣᠯᠤᠨ᠎ᠠ᠃     ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠬᠤᠶ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠫᠷᠤᠭ᠍ᠷᠠᠮ ᠢ ᠨᠡᠪᠲᠡᠷᠡᠭᠦᠯᠦᠭᠰᠡᠨ ᠤ ᠳᠠᠷᠠᠭ᠎ᠠ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠴᠠᠭᠠᠰᠤᠨ ᠤ ᠭᠤᠶᠤᠴᠢᠯᠠᠭᠴᠢ ᠶᠢᠨ ᠨᠡᠷᠡᠰ ᠢ ᠰᠢᠯᠵᠢᠭᠦᠯᠬᠦ ᠶᠢ ᠬᠦᠴᠦᠨ ᠥᠬᠡᠶ ᠪᠣᠯᠭᠠᠵᠤ᠂ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠠᠪᠴᠠᠩ ᠠᠴᠠ ᠭᠤᠶᠤᠴᠢᠯᠠᠭᠴᠢ ᠶᠢᠨ ᠭᠤᠶᠤᠴᠢᠯᠠᠭᠰᠠᠨ ᠮᠡᠳᠡᠭᠡ ᠵᠠᠩᠭᠢ ᠶᠢ ᠲᠡᠮᠳᠡᠭᠯᠡᠵᠦ᠂ ᠬᠤᠶᠠᠷ ᠰᠠᠯᠠᠭ᠎ᠠ ᠮᠥᠴᠢᠷ ᠬᠠᠮᠲᠤ ᠪᠠᠷ ᠦᠵᠡᠬᠦ ᠪᠤᠶᠤ ᠦᠯᠡᠳᠡᠭᠡᠨ ᠬᠠᠳᠠᠭᠠᠯᠠᠵᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠬᠤᠶ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠠᠪᠤᠴᠠ ᠳᠠᠬᠢ ᠰᠠᠯᠠᠭ᠎ᠠ ᠮᠥᠴᠢᠷ ᠤᠨ ᠬᠤᠭᠤᠷᠣᠨᠳᠣᠬᠢ ᠰᠢᠯᠵᠢᠭᠦᠯᠬᠦ ᠴᠠᠭ ᠢ ᠪᠣᠭᠤᠨᠢᠰᠬᠠᠵᠤ᠂ ᠡᠭᠦᠨ ᠤ ᠤᠯᠠᠮ ᠠᠴᠠ ᠰᠢᠯᠭᠠᠯᠲᠠ ᠶᠢᠨ ᠪᠦᠯᠦᠭ ᠤᠳᠠᠭ᠎ᠠ ᠶᠢ ᠵᠣᠬᠢᠴᠠᠩᠭᠤᠶ ᠪᠠᠷ ᠨᠡᠮᠡᠭᠳᠡᠭᠦᠯᠵᠡᠢ᠃      ︽ᠥᠪᠡᠷ ᠢᠶᠠᠨ ᠰᠤᠷᠴᠤ ᠰᠢᠭᠤᠳ ᠰᠢᠯᠭᠠᠭᠤᠯᠬᠤ︾᠎ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠬᠢᠨ ᠨᠢᠭᠡᠨᠲᠡ 4725 ᠠᠵᠢᠭᠯᠠᠭᠰᠠᠳ ᠤᠨ ᠰᠢᠯᠭᠠᠯᠲᠠ ᠶᠢ ᠪᠡᠶᠡᠯᠡᠭᠦᠯᠵᠦ᠂ ᠵᠢᠯᠦᠭᠤᠴᠢᠳ ᠤᠨ       ︽ᠰᠢᠯᠭᠠᠯᠲᠠ ᠳᠤ ᠨᠡᠷ᠎ᠡ ᠮᠡᠳᠡᠭᠦᠯᠬᠦ ᠳᠤ ᠬᠦᠴᠢᠷᠲᠡᠶ︾᠂ ︽ᠰᠤᠷᠤᠯᠭ᠎ᠠ ᠶᠢᠨ ᠰᠦᠶᠳᠬᠡᠯ ᠦᠨᠡᠲᠡᠶ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ( ᠯᠢᠦ ᠮᠧᠩ ᠲᠢᠩ )
 
ᠢᠷᠡᠯᠲᠡ᠄ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号