ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠄ ᠵᠠᠮ ᠤᠨ ᠬᠤᠷᠳᠤᠴᠠ ᠬᠢᠵᠠᠭᠠᠷᠯᠠᠬᠤ ᠬᠡᠮᠵᠢᠭᠳᠡᠯ ᠢ ᠬᠡᠷᠬᠢᠨ ᠲᠣᠭᠲᠠᠭᠠᠭᠰᠠᠨ ᠪᠣᠶ︖
ᠨᠡᠶᠢᠲᠡᠯᠡᠭᠰᠡᠨ ᠴᠠᠭ᠄
2025/3/11
     ᠤᠯᠠᠨ ᠤ ᠮᠡᠳᠡᠭᠡᠵᠢ ᠪᠠᠷ᠂ ᠵᠠᠮ ᠪᠣᠯ ᠬᠤᠷᠳᠤᠴᠠ ᠶᠢᠨ ᠬᠢᠵᠠᠭᠠᠷ ᠲᠠᠢ ᠮᠥᠷᠲᠡᠭᠡᠨ ᠠᠳᠠᠯᠢ ᠪᠤᠰᠤ ᠲᠦᠷᠦᠯ  ᠤᠨ ᠵᠠᠮ ᠳᠤ ᠠᠳᠠᠯᠢ ᠪᠤᠰᠤ ᠶᠢᠨ ᠬᠤᠷᠳᠤᠴᠠ ᠶᠢᠨ ᠬᠢᠵᠠᠭᠠᠷ ᠲᠠᠢ ᠪᠠᠶᠢᠳᠠᠭ᠂ ᠲᠡᠭᠡᠪᠡᠯ ᠡᠨᠡ ᠬᠦ ᠲᠤᠭ᠎ᠠ ᠬᠡᠮᠵᠢᠭᠳᠡᠯ  ᠢ ᠴᠤᠬᠤᠮ ᠬᠡᠷᠬᠢᠨ ᠲᠣᠭᠲᠠᠭᠠᠭᠰᠠᠨ ᠪᠤᠢ︖ ᠡᠨᠡ ᠠᠰᠠᠭᠤᠳᠠᠯ ᠢ ᠥᠭᠦᠯᠡᠬᠦ ᠠᠴᠠ ᠡᠮᠦᠨ᠎ᠡ᠂ ᠪᠢᠳᠡ ᠤᠷᠢᠳ ᠢᠶᠠᠷ ᠠᠮᠠᠷᠬᠠᠨ ᠬᠤᠳᠬᠤᠯᠳᠤᠭᠤᠯᠬᠤ ᠬᠡᠳᠦᠨ ᠤᠬᠠᠭᠳᠠᠬᠤᠨ ᠠᠴᠠ ᠣᠶᠢᠯᠠᠭᠠᠶ᠎ᠠ᠃     01  ᠬᠢᠵᠠᠭᠠᠷᠯᠠᠭᠰᠠᠨ ᠬᠤᠷᠳᠤᠴᠠ     ᠵᠠᠮ ᠤᠨ ᠣᠨᠴᠠ ᠲᠣᠭᠲᠠᠭᠠᠭᠰᠠᠨ ᠬᠡᠰᠡᠭ ᠲᠤ ᠮᠠᠰᠢᠨ ᠲᠡᠷᠭᠡ ᠶᠢᠨ ᠶᠠᠪᠤᠬᠤ ᠶᠢ ᠵᠥᠪᠰᠢᠶᠡᠷᠡᠬᠦ ᠬᠠᠮᠤᠭ ᠤᠨ ᠥᠨᠳᠥᠷ ᠬᠤᠷᠳᠤᠴᠠ᠃     02 ᠲᠥᠯᠥᠪᠯᠡᠭᠰᠡᠨ ᠬᠤᠷᠳᠤᠴᠠ     ᠵᠠᠮ ᠤᠨ ᠭᠧᠣᠮᠧᠲᠷᠢ ᠶᠢᠨ ᠲᠥᠯᠥᠪᠯᠡᠭᠡ ᠳᠤ ᠬᠡᠷᠡᠭᠯᠡᠭᠰᠡᠨ ᠮᠠᠰᠢᠨ ᠲᠡᠷᠭᠡᠨ ᠤ ᠬᠤᠷᠳᠤᠴᠠ᠃     03 ᠰᠠᠨᠠᠭᠤᠯᠬᠤ ᠬᠤᠷᠳᠤᠴᠠ   ᠨᠢᠭᠡ ᠬᠡᠰᠡᠭ ᠵᠠᠮ ᠳᠡᠭᠡᠷ᠎ᠡ ᠵᠠᠮ ᠤᠨ ᠵᠢᠷᠤᠭ ᠲᠦᠯᠦᠪᠯᠡᠭᠰᠡᠨ᠂ ᠵᠠᠮ ᠬᠠᠷᠢᠯᠴᠠᠭᠠᠨ ᠤ ᠣᠨᠴᠠᠯᠢᠭ ᠪᠠ ᠣᠷᠴᠢᠨ ᠲᠣᠭᠤᠷᠢᠨ ᠤ ᠨᠥᠬᠦᠴᠡᠯ ᠵᠡᠷᠭᠡ ᠶᠢ ᠦᠨᠳᠦᠰᠦᠯᠡᠵᠦ᠂ ᠰᠠᠨᠠᠭᠤᠯᠤᠭᠰᠠᠨ ᠮᠠᠰᠢᠨ ᠲᠡᠷᠭᠡᠨ ᠤ ᠶᠠᠪᠤᠬᠤ ᠬᠤᠷᠳᠤᠴᠠ᠃      04 ᠠᠵᠢᠯᠯᠠᠭᠠᠨ ᠤ ᠬᠤᠷᠳᠤᠴᠠ     ᠵᠠᠮ ᠬᠠᠷᠢᠯᠴᠠᠭ᠎ᠠ ᠬᠢᠵᠠᠭᠠᠷᠯᠠᠯ ᠦᠭᠡᠢ ᠪᠠᠶᠢᠳᠠᠯ ᠲᠠᠢ ᠮᠥᠷᠲᠡᠭᠡᠨ ᠴᠠᠭ ᠠᠭᠤᠷ ᠰᠠᠶᠢᠨ ᠪᠠᠶᠢᠬᠤ ᠦᠶᠡᠰ ᠤᠨ ᠵᠢᠯᠣᠭᠤᠴᠢ ᠶᠢᠨ ᠮᠠᠰᠢᠨ ᠲᠡᠷᠭᠡ ᠪᠠᠷᠢᠬᠤ ᠬᠤᠷᠳᠤᠴᠠ ᠶᠢ ᠬᠡᠯᠡᠨ᠎ᠡ᠃ ᠶᠡᠷᠦ ᠳᠤ ᠪᠠᠨ ᠵᠠᠮ ᠤᠨ ᠬᠡᠰᠡᠭ ᠤᠨ ᠶᠠᠮᠠᠷ ᠨᠢᠭᠡᠨ ᠣᠭᠲᠣᠯᠤᠭᠠᠰᠤ ᠪᠤᠶᠤ ᠣᠨᠴᠠᠯᠢᠭᠲᠤ ᠴᠡᠭ ᠠᠴᠠ ᠬᠡᠮᠵᠢᠨ ᠲᠣᠭᠲᠠᠭᠠᠭᠰᠠᠨ 85% ᠳ᠋ᠤᠭᠠᠷ ᠣᠷᠣᠨᠲᠤ ᠬᠤᠷᠳᠤᠴᠠ ᠶᠢ ᠬᠡᠷᠡᠭᠯᠡᠳᠡᠭ᠃     ᠬᠤᠷᠳᠤᠴᠠ ᠬᠢᠵᠠᠭᠠᠷᠯᠠᠬᠤ ᠬᠡᠮᠵᠢᠭᠳᠡᠯ ᠢ ᠲᠣᠭᠲᠠᠭᠠᠬᠤ ᠶᠢ ᠨᠥᠯᠥᠭᠡᠯᠡᠬᠦ ᠬᠦᠴᠦᠨ ᠵᠦᠢᠯ    ᠵᠠᠮ ᠤᠨ ᠴᠢᠳᠠᠮᠵᠢ᠂ ᠠᠵᠢᠯᠯᠠᠭᠠᠨ ᠤ ᠬᠤᠷᠳᠤᠴᠠ᠂ ᠵᠠᠮ ᠤᠨ ᠣᠷᠴᠢᠨ ᠲᠣᠭᠤᠷᠢᠨ ᠵᠢᠴᠢ ᠥᠩᠭᠡᠷᠡᠭᠰᠡᠨ ᠤ ᠠᠳᠡᠯ ᠵᠡᠷᠭᠡ ᠬᠦᠴᠦᠨ ᠵᠦᠶᠯ ᠢ ᠪᠣᠳᠣᠯᠬᠢᠯᠠᠨ᠎ᠠ᠃     ᠬᠤᠷᠳᠤᠴᠠ ᠬᠢᠵᠠᠭᠠᠷᠯᠠᠬᠤ ᠬᠡᠮᠵᠢᠭᠳᠡᠯ ᠨᠢ ᠵᠠᠮ ᠤᠨ ᠵᠢᠷᠤᠵᠤ ᠲᠥᠯᠥᠪᠯᠡᠭᠰᠡᠨ ᠬᠤᠷᠳᠤᠴᠠ ᠶᠢᠨ ᠬᠡᠮᠵᠢᠭᠳᠡᠯ  ᠢᠶᠠᠷ ᠰᠠᠭᠤᠷᠢ ᠪᠣᠯᠭᠠᠵᠤ᠂ ᠵᠢᠷᠤᠵᠤ ᠲᠥᠯᠥᠪᠯᠡᠭᠰᠡᠨ ᠬᠤᠷᠳᠤᠴᠠ ᠶᠢᠨ ᠬᠡᠮᠵᠢᠭᠳᠡᠯ ᠪᠤᠶᠤ ᠵᠢᠷᠤᠵᠤ ᠲᠥᠯᠥᠪᠯᠡᠭᠰᠡᠨ ᠬᠤᠷᠳᠤᠴᠠ ᠶᠢᠨ ᠬᠡᠮᠵᠢᠭᠳᠡᠯ ᠠᠴᠠ ᠳᠣᠤᠷ᠎ᠠ ᠪᠠᠶᠢᠬᠤ ᠶᠢ ᠨᠢ ᠠᠪᠴᠤ ᠪᠣᠯᠤᠨ᠎ᠠ᠃ ᠬᠠᠤᠯᠢ ᠴᠠᠭᠠᠵᠠ ᠶᠢᠨ ᠲᠣᠭᠲᠠᠭᠠᠯ  ᠳᠤ ᠨᠡᠶᠢᠴᠡᠭᠰᠡᠨ ᠤᠷᠢᠲᠠᠯ ᠳᠣᠣᠷ᠎ᠠ᠂ ᠬᠤᠷᠳᠤᠴᠠ ᠬᠢᠵᠠᠭᠠᠷᠯᠠᠬᠤ ᠬᠡᠮᠵᠢᠭᠳᠡᠯ ᠢ ᠪᠠᠰᠠ 10 km/h~20 km/h ᠳᠡᠭᠡᠭᠰᠢᠯᠡᠭᠦᠯᠵᠦ ᠪᠣᠯᠤᠨ᠎ᠠ᠂ ᠭᠡᠪᠡᠴᠦ 120 km/h ᠠᠴᠠ ᠥᠨᠳᠥᠷ ᠪᠠᠶᠢᠯᠭᠠᠵᠤ ᠪᠣᠯᠬᠤ ᠤᠢᠭᠡᠢ᠃ ᠬᠤᠷᠳᠤᠴᠠ ᠬᠢᠵᠠᠭᠠᠷᠯᠠᠬᠤ ᠬᠡᠮᠵᠢᠭᠳᠡᠯ ᠨᠢ ᠵᠢᠷᠤᠵᠤ ᠲᠥᠯᠥᠪᠯᠡᠭᠰᠡᠨ ᠬᠤᠷᠳᠤᠴᠠ ᠠᠴᠠ 10 km/h~20 km/h ᠥᠨᠳᠥᠷ ᠪᠣᠯ᠂ ᠵᠠᠮ ᠬᠠᠷᠢᠯᠴᠠᠭᠠᠨ ᠤ ᠢᠨᠵᠧᠨᠧᠷᠢᠩ ᠤᠨ ᠨᠤᠲᠠᠯᠠᠯᠲᠠ ᠬᠢᠬᠦ ᠬᠡᠷᠡᠭᠲᠡᠶ᠃     ᠬᠤᠷᠳᠤᠴᠠ ᠬᠢᠵᠠᠭᠠᠷᠯᠠᠬᠤ ᠣᠷᠣᠨ ᠤ ᠳᠣᠲᠣᠷᠠᠬᠢ ᠬᠡᠰᠡᠭ ᠲᠥᠯᠥᠭᠡᠯᠡᠬᠦ ᠣᠭᠲᠣᠯᠤᠭᠠᠰᠤ ᠶᠢ ᠠᠵᠢᠭᠯᠠᠨ ᠬᠡᠮᠵᠢᠬᠦ ᠪᠤᠶᠤ ᠲᠥᠰᠦᠭᠡᠯᠡᠵᠦ᠂ 85% ᠳ᠋ᠤᠭᠠᠷ ᠣᠷᠣᠨᠲᠤ ᠬᠤᠷᠳᠤᠴᠠ ᠶᠢ ᠲᠣᠭᠲᠠᠭᠠᠨ᠎ᠠ᠃ 85% ᠳ᠋ᠤᠭᠠᠷ ᠣᠷᠣᠨᠲᠤ ᠶᠢᠨ ᠬᠤᠷᠳᠤᠴᠠ ᠶᠢᠨ ᠬᠡᠮᠵᠢᠭᠳᠡᠯ ᠢᠶᠠᠷ ᠰᠠᠭᠤᠷᠢ ᠪᠣᠯᠭᠠᠵᠤ᠂ ᠲᠡᠭᠦᠨ ᠤ ᠳᠡᠭᠡᠷ᠎ᠡ ᠳᠣᠣᠷ᠎ᠠ 5 km/h~10 km/h ᠶᠢᠨ ᠬᠡᠪᠴᠢᠶᠡᠨ ᠳᠣᠲᠣᠷᠠᠬᠢ ᠬᠡᠮᠵᠢᠭᠳᠡᠯ ᠢ ᠠᠪᠤᠨ᠎ᠠ᠃ ᠲᠥᠯᠥᠭᠡᠯᠡᠬᠦ ᠣᠭᠲᠣᠯᠤᠭᠠᠰᠤ ᠶᠢ ᠰᠣᠩᠭᠤᠬᠤ ᠳᠤ ᠪᠠᠨ ᠳᠤᠬᠢᠶᠠᠨ ᠳ᠋ᠧᠩ ᠤᠨ ᠡᠵᠡᠮᠰᠢᠵᠦ ᠪᠠᠶᠢᠭ᠎ᠠ ᠰᠣᠯᠪᠢᠴᠠᠯ ᠵᠠᠮ ᠤᠨ ᠨᠥᠯᠥᠭᠡ ᠠᠴᠠ ᠵᠠᠶᠢᠯᠠᠰᠬᠢᠬᠦ ᠬᠡᠷᠡᠭᠲᠡᠢ᠃     ᠬᠡᠷᠪᠡ ᠳᠡᠭᠡᠷᠡᠬᠢ ᠬᠤᠶᠠᠷ ᠤᠨ ᠵᠥᠷᠢᠶ᠎ᠡ ᠨᠢ 20 km/h ᠠᠴᠠ ᠬᠡᠲᠦᠷᠡᠪᠡᠯ᠂ ᠤᠯᠠᠮ ᠨᠢᠭᠡ ᠠᠯᠬᠤᠮ ᠵᠠᠳᠠᠯᠵᠤ᠂ ᠠᠵᠢᠭᠯᠠᠬᠤ ᠪᠤᠶᠤ ᠲᠥᠰᠦᠭᠡᠯᠡᠬᠦ᠂ ᠲᠣᠬᠢᠷᠠᠭᠤᠯᠬᠤ ᠬᠡᠷᠡᠭᠲᠡᠶ᠃     ᠵᠠᠮ ᠳᠡᠭᠡᠷ᠎ᠡ ᠤᠷᠲᠤ ᠶᠡᠭᠡ ᠪᠦᠲᠦᠴᠡ ᠲᠠᠢ ᠪᠣᠳᠠᠰ᠂ ᠵᠢᠱᠢᠶᠡᠯᠡᠪᠡᠯ ᠳᠠᠯᠠᠢ ᠠᠯᠤᠰᠯᠠᠭᠰᠠᠨ ᠶᠡᠭᠡ ᠬᠥᠭᠦᠷᠭᠡ᠂ ᠣᠨᠴᠠ ᠣᠷᠳᠣ ᠨᠥᠬᠡᠨ ᠵᠠᠮ᠂ ᠠᠭᠤᠯᠠᠷᠬᠠᠭ ᠣᠷᠣᠨ ᠤ ᠥᠨᠳᠥᠷ ᠲᠤᠯᠭᠠᠭᠤᠷᠲᠤ ᠶᠡᠭᠡ ᠬᠥᠭᠦᠷᠭᠡ ᠵᠡᠷᠭᠡ ᠪᠠᠶᠢᠬᠤ ᠦᠶᠡᠰ᠂ ᠬᠤᠷᠳᠤᠴᠠ ᠬᠢᠵᠠᠭᠠᠷᠯᠠᠬᠤ ᠬᠡᠮᠵᠢᠭᠳᠡᠯ ᠨᠢ ᠵᠢᠷᠤᠵᠤ ᠲᠥᠯᠥᠪᠯᠡᠭᠰᠡᠨ ᠬᠤᠷᠳᠤᠴᠠ ᠶᠢᠨ ᠬᠡᠮᠵᠢᠭᠳᠡᠯ ᠠᠴᠠ ᠥᠨᠳᠥᠷ ᠪᠠᠶᠢᠵᠤ ᠪᠣᠯᠬᠤ ᠦᠭᠡᠢ᠃     ᠵᠠᠮ ᠬᠠᠷᠢᠯᠴᠠᠭᠠᠨ ᠤ ᠣᠷᠴᠢᠨ ᠲᠣᠭᠤᠷᠢᠨ ᠪᠤᠳᠤᠯᠢᠶᠠᠨᠲᠠᠶ᠂ ᠬᠥᠨᠳᠡᠯᠡᠨ ᠴᠢᠭᠯᠡᠯ ᠳᠤ ᠬᠠᠷᠰᠢᠯᠠᠭᠳᠠᠵᠤ ᠪᠠᠶᠢᠭ᠎ᠠ ᠵᠠᠮ ᠤᠨ ᠬᠡᠰᠡᠭ ᠤᠨ ᠬᠤᠷᠳᠤᠴᠠ ᠬᠢᠵᠠᠭᠠᠷᠯᠠᠬᠤ ᠬᠡᠮᠵᠢᠭᠳᠡᠯ ᠨᠢ ᠵᠢᠷᠤᠵᠤ ᠲᠥᠯᠥᠪᠯᠡᠭᠰᠡᠨ ᠬᠤᠷᠳᠤᠴᠠ ᠶᠢᠨ ᠬᠡᠮᠵᠢᠭᠳᠡᠯ ᠠᠴᠠ ᠥᠨᠳᠥᠷ ᠪᠠᠶᠢᠵᠤ ᠪᠣᠯᠬᠤ ᠦᠭᠡᠶ᠃     ᠬᠤᠷᠳᠤᠴᠠ ᠬᠢᠵᠠᠭᠠᠷᠯᠠᠬᠤ ᠬᠡᠮᠵᠢᠭᠳᠡᠯ ᠨᠢ 10 km/h ᠤᠨ ᠪᠦᠬᠦᠯᠢ ᠲᠣᠭᠠᠨ ᠤ ᠳᠠᠬᠢᠨ᠃     ᠵᠠᠮ ᠤᠨ ᠴᠢᠳᠠᠮᠵᠢ ᠪᠤᠶᠤ ᠣᠷᠴᠢᠨ ᠲᠣᠭᠤᠷᠢᠨ ᠳᠤ ᠨᠡᠯᠢᠶᠡᠳ ᠶᠡᠭᠡ ᠬᠤᠪᠢᠷᠠᠯᠲᠠ ᠭᠠᠷᠬᠤ ᠦᠶᠡᠰ᠂ ᠬᠤᠷᠳᠤᠴᠠ ᠬᠢᠵᠠᠭᠠᠷᠯᠠᠬᠤ ᠬᠡᠮᠵᠢᠭᠳᠡᠯ ᠳᠤ ᠦᠨᠡᠯᠡᠨ ᠵᠢᠱᠢᠯᠲᠡ ᠬᠢᠵᠦ᠂ ᠬᠡᠷᠡᠭᠴᠡᠭᠡ ᠪᠠᠨ ᠦᠨᠳᠦᠰᠦᠯᠡᠨ ᠬᠤᠷᠳᠤᠴᠠ ᠬᠢᠵᠠᠭᠠᠷᠯᠠᠬᠤ ᠬᠡᠮᠵᠢᠭᠳᠡᠯ ᠳᠤ ᠲᠣᠬᠢᠷᠠᠭᠤᠯᠤᠯᠲᠠ ᠬᠢᠬᠦ ᠬᠡᠷᠡᠭᠲᠡᠶ᠃     ᠬᠤᠷᠳᠤᠴᠠ ᠬᠢᠵᠠᠭᠠᠷᠯᠠᠬᠤ ᠣᠷᠣᠨ ᠤ ᠬᠠᠮᠤᠭ ᠪᠠᠭ᠎ᠠ ᠤᠷᠲᠤ ᠨᠢ ᠳᠣᠣᠷᠠᠬᠢ ᠮᠡᠲᠦ᠄ 
20250311.jpg
    ᠲᠣᠰ ᠵᠣᠬᠢᠶᠠᠯ ᠳᠤ  ︽ᠵᠠᠮ ᠬᠠᠷᠢᠯᠴᠠᠭᠠᠨ ᠤ ᠲᠡᠮᠳᠡᠭ ᠪᠠ ᠲᠡᠮᠳᠡᠭ ᠱᠤᠭᠤᠮ ᠤᠨ 5 ᠳ᠋ᠤᠭᠠᠷ ᠬᠡᠰᠡᠭ᠄ ᠬᠤᠷᠳᠤᠴᠠ ᠬᠢᠵᠠᠭᠠᠷᠯᠠᠬᠤ︾ ︵GB 5768.5—2017 ︶ ᠬᠡᠰᠡᠭ᠄ ᠬᠤᠷᠳᠤᠴᠠ ᠬᠢᠵᠠᠭᠠᠷᠯᠠᠬᠤ  ︵GB 5768. 5—2017 ︶ ᠪᠠᠷ ᠯᠠᠪᠯᠠᠯᠲᠠ ᠪᠣᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号