ᠲᠦᠷᠢᠶᠡᠰᠦᠨ ᠮᠠᠰᠢᠨ ᠲᠡᠷᠭᠡ ᠰᠦᠯᠵᠢᠶ᠎ᠡ ᠪᠠᠷ ᠪᠣᠯᠵᠣᠬᠤ ᠲᠡᠷᠭᠡ᠄ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠦᠶ᠎ᠡ ᠳᠤ ᠵᠢᠯᠣᠭᠤᠴᠢ ᠲᠦᠷᠭᠡᠨ ᠲᠣᠷᠣᠮᠰᠤᠯᠠᠬᠤ ᠵᠡᠷᠭᠡ ᠠᠮᠤᠷ ᠲᠦᠪᠰᠢᠨ ᠪᠤᠰᠤ ᠠᠵᠢᠯᠯᠠᠭ᠎ᠠ ᠠᠴᠠ ᠪᠣᠯᠵᠤ ᠠᠶᠠᠨᠴᠢᠳ ᠰᠢᠷᠬᠠᠲᠤᠭᠰᠠᠨ ᠪᠤᠶᠤ ᠡᠳ᠋ ᠪᠣᠳᠠᠰ ᠢ ᠡᠪᠳᠡᠭᠰᠡᠨ ᠪᠠᠶᠢᠳᠠᠯ ᠢ ᠬᠡᠷᠬᠢᠨ ᠰᠢᠢᠳᠪᠦᠷᠢᠯᠡᠬᠦ ᠪᠣᠶ︖
ᠨᠡᠶᠢᠲᠡᠯᠡᠭᠰᠡᠨ ᠴᠠᠭ᠄
2025/3/12
    ︽ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2017 ᠣᠨ ᠤ 5 ᠳ᠋ᠤᠭᠠᠷ ᠲᠣᠭᠠᠲᠤ︶ ᠤᠨ ᠳᠥᠴᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠨᠢ᠄ ᠵᠢᠯᠣᠭᠤᠴᠢ᠂ ᠠᠶᠠᠨᠴᠢᠳ ᠤᠨ ᠦᠢᠯᠡᠴᠢᠯᠡᠭᠴᠢ ᠵᠡᠷᠭᠡ ᠠᠵᠢᠯᠯᠠᠵᠦ ᠪᠠᠶᠢᠭ᠎ᠠ ᠬᠦᠮᠦᠰ ᠡᠵᠡᠩᠨᠡᠬᠦ ᠶᠠᠪᠤᠴᠠ ᠳᠤ ᠠᠮᠤᠷ ᠲᠦᠪᠰᠢᠨ ᠤ ᠠᠵᠢᠯᠯᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃ ᠬᠤᠷᠢ ᠶᠢᠰᠦᠳᠦᠭᠡᠷ ᠵᠦᠢᠯ ᠳᠤ ᠲᠣᠭᠲᠠᠭᠠᠭᠰᠠᠨ ᠨᠢ᠄ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠠᠶᠠᠨᠴᠢᠳ ᠤᠨ ᠵᠥᠭᠡᠭᠡᠪᠦᠷᠢ ᠡᠷᠬᠢᠯᠡᠵᠦ ᠪᠠᠶᠢᠭ᠎ᠠ ᠵᠢᠯᠣᠭᠤᠴᠢ᠂ ᠠᠶᠠᠨᠴᠢᠳ ᠤᠨ ᠦᠢᠯᠡᠴᠢᠯᠡᠭᠴᠢ ᠬᠠᠮᠢᠶ᠎ᠠ ᠪᠥᠬᠦᠶ ᠦᠢᠯᠡᠴᠢᠯᠡᠭᠡᠨ ᠤ ᠪᠠᠷᠢᠮᠵᠢᠶ᠎ᠠ ᠶᠢ ᠭᠦᠢᠴᠡᠳᠭᠡᠬᠦ ᠬᠡᠷᠡᠭᠲᠡᠶ᠃ ︽ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠵᠢᠯᠣᠭᠤᠴᠢ ᠶᠢᠨ ᠠᠵᠢᠯᠯᠠᠭᠠᠨ ᠤ ᠵᠢᠷᠤᠮᠵᠢᠯ︾ ︵JT/T934-2021︶ ᠳᠤ᠂ ᠲᠡᠷᠭᠡ ᠬᠥᠳᠡᠯᠬᠦ ᠠᠴᠠ ᠡᠮᠦᠨ᠎ᠡ ᠲᠡᠷᠭᠡᠨ ᠤ ᠳᠥᠷᠪᠡᠨ ᠲᠠᠯ᠎ᠠ ᠵᠢᠴᠢ ᠲᠡᠷᠭᠡᠨ ᠳᠣᠲᠣᠷᠠᠬᠢ ᠠᠶᠠᠨᠴᠢᠳ ᠢ ᠠᠩᠬᠠᠷᠤᠨ ᠠᠵᠢᠭᠯᠠᠵᠤ᠂ ᠲᠡᠷᠭᠡᠨ ᠡᠭᠦᠳᠡ ᠪᠠᠨ ᠬᠠᠭᠠᠭᠰᠠᠨ ᠤ ᠳᠠᠷᠠᠭ᠎ᠠ ᠲᠣᠭᠲᠠᠭᠤᠨ ᠢᠶᠠᠷ ᠶᠠᠪᠤᠭᠤᠯᠵᠤ᠂ ᠳᠡᠰ ᠳᠠᠷᠠᠭᠠᠯᠠᠨ ᠥᠷᠲᠡᠭᠡ ᠠᠴᠠ ᠭᠠᠷᠤᠨ᠎ᠠ︔ ᠪᠢᠯᠧᠲ ᠬᠤᠳᠠᠯᠳᠤᠬᠤ ᠬᠥᠮᠥᠨ ᠦᠭᠡᠢ ᠲᠡᠷᠭᠡ ᠶᠢ ᠪᠠᠰᠠ ᠲᠡᠷᠭᠡ ᠬᠥᠳᠡᠯᠬᠦ᠂ ᠡᠷᠭᠢᠯᠳᠦᠭᠦᠯᠬᠦ᠂ ᠦᠷᠲᠡᠭᠡᠨ ᠳᠤ ᠣᠷᠣᠵᠤ ᠭᠠᠷᠬᠤ ᠪᠠ ᠣᠨᠴᠠᠭᠠᠢ ᠠᠶᠠᠨᠴᠢᠳ ᠲᠡᠷᠭᠡᠨ ᠳᠤ ᠰᠠᠭᠤᠬᠤ ᠦᠶ᠎ᠡ ᠳᠤ ᠲᠣᠭᠲᠠᠭᠠᠯ ᠶᠣᠰᠣᠭᠠᠷ ᠰᠠᠨᠠᠭᠤᠯᠬᠤ ᠦᠭᠡ ᠶᠢ ᠬᠡᠷᠡᠭᠯᠡᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠬᠡᠰᠡᠭ ᠬᠤᠲᠠ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠪᠤᠶᠤ ᠲᠡᠷᠭᠡᠨ ᠳᠤ ᠰᠠᠭᠤᠬᠤ ᠳᠦᠷᠢᠮ ᠢ ᠲᠣᠭᠲᠠᠭᠠᠵᠤ᠂ ᠪᠣᠳᠠᠲᠠᠶ ᠠᠰᠠᠭᠤᠳᠠᠯ ᠢ ᠬᠠᠮᠢᠶ᠎ᠠ ᠪᠦᠬᠦᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ ᠭᠦᠢᠴᠡᠳᠬᠡᠬᠦ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号