︽ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠢ ᠪᠠᠶᠢᠴᠠᠭᠠᠨ ᠬᠡᠮᠵᠢᠬᠦ ᠥᠷᠲᠡᠭᠡ ᠶᠢᠨ | ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠢ | ᠪᠠᠶᠢᠴᠠᠭᠠᠨ ᠬᠡᠮᠵᠢᠬᠦ ᠥᠷᠲᠡᠭᠡ ᠨᠢ ᠬᠠᠤᠯᠢ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠲᠣᠭᠲᠠᠭᠠᠵᠤ | ᠬᠢᠷᠢ ᠲᠡᠩᠴᠡᠭᠰᠡᠨ ᠬᠤᠯᠪᠣᠭᠳᠠᠯ ᠪᠦᠬᠦᠢ ᠲᠡᠷᠭᠡ ᠬᠥᠰᠬᠡ ᠶᠢᠨ ᠬᠡᠮᠵᠢᠯᠲᠡ ᠶᠢᠨ ᠪᠠᠶᠢᠴᠠᠭᠠᠨ ᠬᠡᠮᠵᠢᠬᠦ | ᠲᠥᠬᠦᠭᠡᠷᠦᠮᠵᠢ ᠶᠢ ᠲᠣᠬᠢᠷᠠᠭᠤᠯᠬᠤ ᠶᠢᠨ ᠬᠠᠮᠲᠤ᠂ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠬᠢᠷᠢ | ᠲᠡᠩᠴᠡᠭᠰᠡᠨ ᠦᠨᠡᠮᠯᠡᠯ ᠢ ᠢᠯᠡ ᠨᠡᠶᠢᠲᠡᠯᠡᠬᠦ ᠬᠡᠷᠡᠭᠲᠡᠶ᠃ ᠲᠡᠷᠭᠡ ᠬᠥᠰᠬᠡ ᠶᠢᠨ ᠬᠠᠤᠯᠢ ᠠᠴᠠ ᠵᠥᠷᠢᠴᠡᠨ | ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠵᠤ ᠪᠠᠶᠢᠭ᠎ᠠ ᠶᠢ ᠦᠨᠡᠮᠰᠢᠬᠦ ᠳᠤ᠂ ᠬᠠᠤᠯᠢ ᠶᠣᠰᠣᠭᠠᠷ ᠰᠢᠯᠭᠠᠨ ᠲᠣᠭᠲᠠᠭᠠᠵᠤ | ᠬᠢᠷᠢ ᠲᠡᠩᠴᠡᠭᠰᠡᠨ ᠬᠤᠯᠪᠣᠭᠳᠠᠯ ᠪᠦᠬᠦᠢ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠪᠠᠶᠢᠴᠠᠭᠠᠨ | ᠬᠡᠮᠵᠢᠬᠦ ᠶᠢ ᠥᠩᠭᠡᠷᠡᠭᠡᠬᠦ ᠬᠡᠷᠡᠭᠲᠡᠶ᠃ ᠬᠠᠤᠯᠢ ᠶᠣᠰᠣᠭᠠᠷ ᠰᠢᠯᠭᠠᠨ ᠲᠣᠭᠲᠠᠭᠠᠬᠤ ᠪᠠᠷ ᠳᠠᠮᠵᠢᠭᠠᠳ ᠬᠢᠷᠢ | ᠲᠡᠩᠴᠡᠭᠰᠡᠨ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠪᠠᠶᠢᠴᠠᠭᠠᠨ ᠬᠡᠮᠵᠢᠭᠰᠡᠨ ᠦᠷ᠎ᠡ ᠳ᠋ᠦᠩ ᠳᠤ | ᠰᠡᠵᠢᠭ ᠲᠠᠢ ᠪᠠᠶᠢᠪᠠᠯ᠂ ᠲᠤᠬᠠᠶ ᠶᠢᠨ ᠭᠠᠵᠠᠷ ᠤᠨ ᠬᠡᠮᠵᠢᠯᠲᠡ ᠶᠢᠨ ᠵᠠᠰᠠᠭ ᠵᠠᠬᠢᠷᠭᠠᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠠᠰᠠᠭᠤᠨ ᠯᠠᠪᠯᠠᠭᠠᠷᠠᠢ᠃ |