ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/3/14
     3 ᠳ᠋ᠤᠭᠠᠷ ᠰᠠᠷ᠎ᠠ ᠶᠢᠨ 13᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠎ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠤᠤᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ     ᠯᠢ ᠰᠢ ᠭᠡᠰᠢᠭᠦᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃
20250314-2.jpg
     ᠭᠤᠤ ᠱᠢ ᠴᠢᠨ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠵᠠᠮ ᠬᠠᠷᠢᠯᠴᠠᠭᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠬᠤᠷᠸ᠎ᠠ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠎ ᠢ ᠠᠮᠵᠢᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠲᠠᠩᠰᠠ ᠲᠤᠰᠢᠶᠠᠬᠤ᠂ ᠬᠠᠭᠤᠳᠠᠰᠤ ᠲᠤᠰᠢᠶᠠᠬᠤ᠂ ᠦᠷ᠎ᠡ ᠪᠦᠲᠦᠭᠡᠯ ᠎ ᠤᠨ ᠤᠬᠠᠮᠰᠠᠷ ᠢ ᠪᠣᠶ ᠪᠣᠯᠭᠠᠵᠤ᠂ ᠳᠠᠷᠤᠶᠢᠬᠠᠨ ᠬᠥᠳᠡᠯᠦᠯᠴᠡᠵᠦ᠂ ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠱᠠᠯᠠᠪᠳᠠᠨ ᠠᠬᠢᠭᠤᠯᠬᠤ ᠬᠡᠷᠡᠭᠲᠡᠶ︔ ᠥᠭᠡᠷᠡᠴᠢᠯᠡᠯᠲᠡ ᠶᠢᠨ ᠰᠡᠳᠬᠢᠬᠦᠢ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠰᠢᠨᠵᠢᠯᠡᠬᠦ ᠤᠬᠠᠭᠠᠨᠴᠢ ᠠᠷᠭ᠎ᠠ ᠪᠠᠷ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ ᠤᠳᠠᠭᠠᠨ ᠪᠦᠳᠦᠭᠦᠯᠢᠭ ᠬᠡᠶᠢᠰᠪᠦᠷᠢ ᠠᠰᠠᠭᠤᠳᠠᠯ ᠢ ᠢᠯᠠᠨ ᠳᠠᠪᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠎ ᠶᠢ ᠳᠡᠭᠡᠭᠰᠢᠯᠡᠭᠦᠯᠬᠦ ᠬᠡᠷᠡᠭᠲᠡᠢ︔ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯ ᠢ ᠢᠳᠡᠪᠬᠢᠲᠡᠶ ᠳᠡᠮᠵᠢᠵᠦ᠂ ᠠᠵᠢᠯ ᠲᠥᠷᠥᠯ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠳᠠᠪᠠᠭᠤᠯᠢᠭ ᠢ ᠰᠠᠶᠢᠲᠤᠷ ᠠᠰᠢᠭᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠎ ᠳᠤ ᠵᠠᠮ ᠬᠠᠷᠢᠯᠴᠠᠭᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃     ᠯᠢ ᠰᠢ ᠭᠡᠰᠢᠭᠦᠨ ᠬᠤᠷᠠᠯ ᠳᠤ ᠣᠷᠣᠯᠴᠠᠭᠰᠠᠨ ᠪᠠᠶᠢᠳᠠᠯ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠪᠠᠶᠢᠷᠢᠯᠠᠭᠤᠯᠤᠭᠰᠠᠨ ᠬᠡᠷᠡᠭᠯᠡᠭᠡ ᠶᠢ ᠶᠡᠭᠡ ᠪᠠᠷ ᠬᠥᠭᠵᠢᠭᠡᠬᠦ᠂ ᠪᠠᠯᠠ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠪᠥᠬᠦ ᠨᠡᠶᠢᠭᠡᠮ ᠤᠨ ᠪᠠᠷᠠᠭᠠᠨ ᠎ ᠤ ᠭᠦᠶᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠣᠯᠠᠨ ᠢᠶᠠᠷ ᠢᠶᠠᠨ ᠢᠲᠡᠭᠡᠯ ᠵᠣᠷᠢᠭ ᠢᠶᠠᠨ ᠬᠥᠪᠴᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠲᠣᠭᠤᠷᠪᠢᠬᠤ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠡᠵᠡᠮᠳᠡᠵᠦ᠂ ᠲᠦᠷᠢᠮ᠂ ᠲᠥᠷᠥ ᠎ ᠶᠢᠨ ᠪᠣᠳᠣᠯᠭ᠎ᠠ᠂ ᠵᠠᠬ᠎ᠠ ᠳᠡᠯᠭᠡᠭᠦᠷ᠂ ᠦᠶᠯᠡᠳᠪᠦᠷᠢᠯᠡᠯ ᠤᠨ ᠴᠢᠳᠠᠪᠤᠷᠢ ᠵᠡᠷᠭᠡ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠰᠠᠭᠤᠷᠢ ᠠᠵᠢᠯ ᠢᠶᠠᠨ ᠪᠣᠳᠠᠲᠠᠶᠢᠵᠢᠭᠤᠯᠵᠤ᠂ ᠵᠠᠮ ᠬᠠᠷᠢᠯᠴᠠᠭ᠎ᠠ ᠶᠢ ᠤᠷᠢᠳ ᠢᠶᠠᠷ ᠶᠠᠪᠤᠭᠳᠠᠭᠤᠯᠵᠤ ᠬᠥᠲᠥᠯᠥᠨ ᠳᠠᠭᠠᠭᠤᠯᠬᠤ ᠦᠶᠯᠡᠳᠦᠯ ᠢᠶᠠᠨ ᠪᠠᠳᠠᠷᠠᠭᠤᠯᠬᠤ ᠶᠢ ᠬᠦᠰᠡᠪᠡ᠃    ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠢᠶᠠᠨ ᠶᠠ ᠯᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠸᠧᠢ ᠬᠤᠷᠠᠯ ᠳᠤ ᠣᠷᠣᠯᠴᠠᠪᠠ᠃ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷᠴᠤᠳ ᠬᠤᠷᠠᠯ ᠳᠤ ᠣᠷᠣᠯᠴᠠᠵᠠᠶ᠃               ᠡᠬᠡ ᠪᠢᠴᠢᠭ᠄ ᠲᠢᠩᠬᠢᠮ ᠤᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号