︽ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ | ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 | ᠳ᠋ᠤᠭᠠᠷ ᠲᠣᠭᠠᠲᠤ︶ ᠤᠨ ᠠᠷᠪᠠᠨ ᠨᠢᠭᠡᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠵᠠᠰᠠᠮᠠᠯ ᠵᠠᠮ ᠤᠨ | ᠠᠶᠠᠨᠴᠢᠳ ᠤᠨ ᠵᠥᠭᠡᠭᠡᠪᠦᠷᠢ ᠡᠵᠡᠩᠨᠡᠬᠦ ᠪᠠᠷ ᠭᠤᠶᠤᠴᠢᠯᠠᠬᠤ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠲᠡᠭᠦᠨ ᠤ ᠡᠵᠡᠩᠨᠡᠬᠦ ᠲᠤᠬᠠᠶᠢᠯᠠᠭᠰᠠᠨ ᠠᠵᠢᠯ ᠲᠠᠢ ᠪᠠᠨ ᠵᠣᠬᠢᠴᠠᠭᠰᠠᠨ ᠪᠥᠭᠡᠳ ᠪᠠᠶᠢᠴᠠᠭᠠᠨ ᠬᠡᠮᠵᠢᠭᠡᠳ | ᠬᠢᠷᠢ ᠲᠡᠩᠴᠡᠭᠰᠡᠨ ᠠᠶᠠᠨᠴᠢᠳ ᠤᠨ ᠮᠠᠰᠢᠨ ᠲᠡᠷᠭᠡ ᠲᠠᠢ ᠪᠠᠶᠢᠬᠤ ᠬᠡᠷᠡᠭᠲᠡᠶ᠄ 1. ᠠᠶᠠᠨᠴᠢᠳ ᠤᠨ ᠮᠠᠰᠢᠨ ᠲᠡᠷᠭᠡ | ᠶᠢᠨ ᠮᠡᠷᠭᠡᠵᠢᠯ ᠤᠨ ᠱᠠᠭᠠᠷᠳᠠᠯᠭ᠎ᠠ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ | ᠶᠢᠨ ᠲᠣᠭᠲᠠᠭᠠᠯ︾ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ 2. | ᠠᠶᠠᠨᠴᠢᠳ ᠤᠨ ᠮᠠᠰᠢᠨ ᠲᠡᠷᠭᠡ ᠶᠢᠨ ᠳᠦᠷᠦᠯ ᠬᠡᠯᠪᠡᠷᠢ ᠳᠡᠰ ᠤᠨ ᠱᠠᠭᠠᠷᠳᠠᠯᠭ᠎ᠠ᠄ ᠨᠢᠭᠡᠳᠦᠭᠡᠷ ᠳᠦᠷᠦᠯ᠂ | ᠬᠤᠶᠠᠳᠤᠭᠠᠷ ᠳᠦᠷᠦᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠪᠠ ᠲᠡᠷᠭᠡ ᠳᠠᠭᠠᠭᠠᠴᠢᠯᠠᠭᠰᠠᠨ | ᠠᠶᠠᠨᠴᠢᠳ ᠤᠨ ᠮᠠᠰᠢᠨ ᠲᠡᠷᠭᠡ ᠶᠢᠨ ᠳᠦᠷᠦᠯ ᠬᠡᠯᠪᠡᠷᠢ ᠳᠡᠰ ᠨᠢ ᠳᠤᠮᠳᠠ ᠵᠡᠷᠭᠡ ᠠᠴᠠ ᠳᠡᠭᠡᠭᠰᠢ ᠬᠦᠷᠦᠭᠰᠡᠨ | ᠪᠠᠶᠢᠬᠤ ᠬᠡᠷᠡᠭᠲᠡᠢ᠃ 3. ᠠᠶᠠᠨᠴᠢᠳ ᠤᠨ ᠮᠠᠰᠢᠨ ᠲᠡᠷᠭᠡᠨ ᠤ ᠲᠤᠭ᠎ᠠ ᠬᠡᠮᠵᠢᠶ᠎ᠡ ᠶᠢᠨ ᠱᠠᠭᠠᠷᠳᠠᠯᠭ᠎ᠠ᠄ ︵1︶ | ᠨᠢᠭᠡᠳᠦᠭᠡᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ | ᠵᠥᠭᠡᠭᠡᠪᠦᠷᠢ ᠶᠢᠨ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 100 ᠲᠡᠷᠭᠡ | ᠠᠴᠠ ᠳᠡᠭᠡᠭᠰᠢ ᠪᠠᠶᠢᠵᠤ᠂ ᠡᠭᠦᠨ ᠳᠤ ᠳᠡᠭᠡᠳᠦ ᠵᠡᠷᠭᠡ ᠶᠢᠨ ᠠᠶᠠᠨᠴᠢᠳ ᠤᠨ ᠮᠠᠰᠢᠨ ᠲᠡᠷᠭᠡ 30 ᠠᠴᠠ ᠳᠡᠭᠡᠭᠰᠢ | ᠪᠠᠶᠢᠬᠤ ᠬᠡᠷᠡᠭᠲᠡᠶ︔ ᠡᠰᠡᠬᠦᠯ᠎ᠡ ᠥᠪᠡᠷ ᠲᠤ ᠪᠠᠨ ᠳᠡᠭᠡᠳᠤ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠮᠠᠰᠢᠨ | ᠲᠡᠷᠭᠡ 40 ᠠᠴᠠ ᠳᠡᠭᠡᠭᠰᠢ ᠪᠠᠶᠢᠬᠤ ᠬᠡᠷᠡᠭᠲᠡᠶ︔ ︵2︶ ᠬᠤᠶᠠᠳᠤᠭᠠᠷ ᠲᠥᠷᠥᠯ ᠤᠨ ᠠᠶᠠᠨᠴᠢᠳ ᠤᠨ | ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ | ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 50 ᠠᠴᠠ ᠳᠡᠭᠡᠭᠰᠢ ᠪᠠᠶᠢᠵᠤ᠂ ᠡᠭᠦᠨ ᠳᠤ ᠳᠤᠮᠳᠠ ᠳᠡᠭᠡᠳᠦ | ᠵᠡᠷᠭᠡ ᠶᠢᠨ ᠠᠶᠠᠨᠴᠢᠳ ᠤᠨ ᠮᠠᠰᠢᠨ ᠲᠡᠷᠭᠡ 15 ᠠᠴᠠ ᠳᠡᠭᠡᠭᠰᠢ ᠪᠠᠶᠢᠬᠤ ᠬᠡᠷᠡᠭᠲᠡᠶ︔ ᠡᠰᠡᠬᠦᠯ᠎ᠡ ᠥᠪᠡᠷ ᠲᠤ ᠪᠠᠨ | ᠳᠡᠭᠡᠳᠤ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 20 ᠠᠴᠠ ᠳᠡᠭᠡᠭᠰᠢ ᠪᠠᠶᠢᠬᠤ ᠬᠡᠷᠡᠭᠲᠡᠶ︔ | ︵3︶ ᠭᠤᠷᠪᠠᠳᠤᠭᠠᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ | ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ | 10 ᠠᠴᠠ ᠳᠡᠭᠡᠭᠰᠢ ᠪᠠᠶᠢᠬᠤ ᠬᠡᠷᠡᠭᠲᠡᠶ︔ ︵4︶ ᠳᠥᠷᠪᠡᠳᠦᠭᠡᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ | ᠡᠭᠡᠯᠵᠢ ᠶᠢᠨ ᠱᠤᠭᠤᠮ ᠡᠵᠡᠩᠨᠡᠬᠦ ᠠᠶᠠᠨᠴᠢᠳ ᠤᠨ ᠵᠥᠭᠡᠭᠡᠪᠦᠷᠢ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ | ᠠᠶᠠᠨᠴᠢᠳ ᠤᠨ ᠮᠠᠰᠢᠨ ᠲᠡᠷᠭᠡ 1 ᠠᠴᠠ ᠳᠡᠭᠡᠭᠰᠢ ᠪᠠᠶᠢᠬᠤ ᠬᠡᠷᠡᠭᠲᠡᠶ︔ ︵5︶ ᠮᠤᠵᠢ ᠶᠢᠨ ᠬᠤᠭᠤᠷᠣᠨᠳᠣ ᠲᠡᠷᠭᠡ | ᠳᠠᠭᠠᠭᠠᠴᠢᠯᠠᠭᠰᠠᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠳᠤᠮᠳᠠ ᠳᠡᠭᠡᠳᠦ ᠲᠠᠰ ᠤᠨ ᠠᠶᠠᠨᠴᠢᠳ ᠤᠨ | ᠮᠠᠰᠢᠨ ᠲᠡᠷᠭᠡ 20 ᠠᠴᠠ ᠳᠡᠭᠡᠭᠰᠢ ᠪᠠᠶᠢᠬᠤ ᠬᠡᠷᠡᠭᠲᠡᠶ︔ ︵6︶ ᠮᠤᠵᠢ ᠶᠢᠨ ᠳᠣᠲᠣᠷᠠᠬᠢ ᠲᠡᠷᠭᠡ | ᠳᠠᠭᠠᠭᠠᠴᠢᠯᠠᠭᠰᠠᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ | ᠠᠶᠠᠨᠴᠢᠳ ᠤᠨ ᠮᠠᠰᠢᠨ ᠲᠡᠷᠭᠡ 10 ᠠᠴᠠ ᠳᠡᠭᠡᠭᠰᠢ ᠪᠠᠶᠢᠬᠤ ᠬᠡᠷᠡᠭᠲᠡᠢ᠃ ︵ᠬᠤᠶᠠᠷ︶ ᠠᠶᠠᠨᠴᠢᠳ ᠤᠨ | ᠵᠥᠭᠡᠭᠡᠪᠦᠷᠢ ᠡᠵᠡᠩᠨᠡᠬᠦ ᠵᠢᠯᠣᠭᠤᠴᠢ ᠨᠢ ︽ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠬᠠᠮᠢᠶᠠᠷᠤᠯᠲᠠ ᠶᠢᠨ | ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠭᠤᠷᠪᠠ︶ | ᠠᠶᠤᠯᠭᠦᠢ ᠦᠢᠯᠡᠳᠪᠦᠷᠢᠯᠡᠯ ᠤᠨ ᠪᠦᠷᠢᠨ ᠲᠡᠭᠦᠯᠳᠡᠷ ᠬᠠᠮᠢᠶᠠᠷᠤᠯᠲᠠ ᠶᠢᠨ ᠲᠥᠷᠢᠮ ᠲᠠᠢ ᠪᠠᠶᠢᠬᠤ᠂ ᠡᠭᠦᠨ ᠳᠤ | ᠠᠶᠤᠯᠭᠦᠢ ᠦᠢᠯᠡᠳᠪᠦᠷᠢᠯᠡᠯ ᠤᠨ ᠠᠵᠢᠯᠯᠠᠬᠤ ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ᠂ ᠵᠢᠯᠣᠭᠤᠴᠢ ᠪᠠ ᠲᠡᠷᠭᠡ ᠬᠥᠰᠬᠡ ᠶᠢᠨ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠥᠷᠢᠮ ᠪᠠᠭᠲᠠᠨ᠎ᠠ᠃ ᠵᠠᠰᠠᠮᠠᠯ ᠵᠠᠮ ᠤᠨ ᠠᠶᠠᠨᠴᠢᠳ ᠤᠨ | ᠵᠥᠭᠡᠭᠡᠪᠦᠷᠢ ᠶᠢᠨ ᠡᠭᠡᠯᠵᠢ ᠶᠢᠨ ᠱᠤᠭᠤᠮ ᠡᠵᠡᠩᠨᠡᠬᠦ ᠪᠠᠷ ᠭᠤᠶᠤᠴᠢᠯᠠᠬᠤ ᠳᠤ᠂ ᠪᠠᠰᠠ ᠲᠣᠳᠣᠷᠬᠠᠶ ᠵᠠᠮ ᠱᠤᠭᠤᠮ | ᠪᠣᠯᠤᠨ ᠥᠷᠲᠡᠭᠡ ᠴᠡᠭ ᠤᠨ ᠲᠥᠰᠦᠯ ᠲᠠᠢ ᠪᠠᠶᠢᠬᠤ ᠬᠡᠷᠡᠭᠲᠡᠶ᠃ |